ᠮᠠᠨ ᠤ ᠰᠢᠶᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/9/16
   ᠰᠠᠭᠤᠭᠠᠯᠢ ᠠᠷᠠᠳ ᠤᠯᠠᠨ ᠤ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ︽ᠬᠥᠮᠦᠨ ᠪᠦᠬᠦᠨ ᠢᠳᠡᠭᠡᠨ ᠤ ᠠᠮᠤᠷ ᠲᠦᠪᠰᠢᠨ ᠢ ᠠᠩᠬᠠᠷᠴᠤ ᠠᠶᠢᠯ ᠪᠣᠯᠭᠠᠨ ᠡᠷᠡᠭᠦᠯ ᠡᠩᠬᠡ ᠠᠮᠢᠳᠤᠷᠠᠯ ᠢ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠴᠠ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤᠪᠠᠷ ᠡᠭᠦᠳᠴᠦ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤᠪᠠᠷ ᠡᠳ᠋ᠯᠡᠬᠦ — ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠨᠢ ᠴᠢ ᠪᠢᠳᠡᠨ ᠳᠤ ᠬᠤᠯᠪᠣᠭᠳᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠣᠯᠠᠨ ᠲᠦᠮᠡᠨ ᠳᠤ ︽ᠢᠳᠡᠭᠡᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠤᠨ ᠬᠠᠮᠤᠭ ᠤᠨ ᠶᠡᠭᠡ ᠬᠢᠵᠠᠭᠠᠷ ᠬᠡᠮᠵᠢᠶ᠎ᠡ︾᠂ ︽ᠪᠣᠬᠢᠷᠲᠤᠯ ᠦᠭᠡᠶ ᠢᠳᠡᠭᠡᠨ ᠤ ᠮᠡᠳᠡᠯᠭᠡ ᠶᠢᠨ ᠭᠠᠷ ᠳᠡᠪᠲᠡᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ︾᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠢ ᠲᠠᠨᠢᠬᠤ ᠬᠠᠭᠤᠷᠮᠠᠭ ᠢ ᠢᠯᠭᠠᠬᠤ ᠬᠠᠭᠤᠷᠮᠠᠭ ᠲᠤ ᠴᠣᠬᠢᠯᠲᠠ ᠥᠭᠬᠦ ᠮᠡᠳᠡᠯᠭᠡ︾ ᠵᠡᠷᠭᠡ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠡᠭᠦᠨ ᠤ ᠬᠠᠮᠲᠤ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠢᠳᠡᠰᠢᠨ ᠨᠣᠭᠤᠭ᠎ᠠ ᠶᠢᠨ ᠥᠯᠢᠭᠡᠷ ᠠᠪᠴᠤ ᠪᠠᠶᠢᠴᠠᠭᠠᠨ ᠬᠡᠮᠵᠢᠬᠦ ᠳᠤ ᠲᠠᠷᠢᠶᠠᠨ ᠡᠮ ᠤᠨ ᠦᠯᠡᠳᠡᠭᠳᠡᠯ ᠲᠠᠢ ᠡᠰᠡᠬᠦ ᠶᠢ ᠪᠠᠶᠢᠴᠠᠭᠠᠨ ᠰᠢᠯᠭᠠᠵᠤ᠂ ᠣᠯᠠᠨ ᠲᠦᠮᠡᠨ ᠳᠤ ᠢᠳᠡᠭᠡᠨ ᠤ  ᠵᠤᠶᠢᠯ ᠤᠨ ᠲᠦᠷᠭᠡᠨ ᠪᠠᠶᠢᠴᠠᠭᠠᠯᠲᠠ ᠶᠢ ᠬᠡᠷᠬᠢᠨ ᠬᠢᠬᠦ ᠶᠢ ᠣᠶᠢᠷ᠎ᠠ ᠵᠠᠶ ᠠᠴᠠ ᠦᠵᠡᠭᠦᠯᠦᠨ ᠦᠵᠡᠭᠦᠯᠵᠦ᠂ ᠲᠠᠷᠢᠶᠠᠨ ᠡᠮ ᠤᠨ ᠦᠯᠡᠳᠡᠭᠳᠡᠯ ᠤᠨ ᠲᠦᠷᠭᠡᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠮᠡᠳᠡᠯᠭᠡ ᠶᠢ ᠰᠢᠭᠤᠳ ᠣᠶᠢᠯᠠᠭᠠᠭᠤᠯᠬᠤ ᠶᠢᠨ ᠬᠠᠮᠲᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠪᠠ᠃ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠪᠥᠸᠧ ᠰᠢᠤ ᠹᠠᠩ᠄ ︽ᠥᠨᠥᠳᠦᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠢᠳᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠥᠭᠡᠳ ᠪᠢᠳᠡᠨ ᠤ ᠬᠤᠶᠢᠰᠢᠳᠠ ᠶᠢᠨ ᠢᠳᠡᠰᠢᠨ ᠨᠣᠭᠤᠭ᠎ᠠ ᠬᠤᠳᠠᠯᠳᠤᠨ ᠠᠪᠬᠤ ᠳᠤ ᠴᠤ ᠰᠢᠨ᠎ᠡ ᠲᠠᠨᠢᠯᠲᠠ ᠲᠠᠢ ᠪᠣᠯᠤᠭᠰᠠᠨ ᠪᠠᠶᠢᠨ᠎ᠠ︾ ᠭᠡᠵᠡᠶ᠃
     ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠨᠠᠰᠢ ᠴᠠᠰᠢ ᠥᠩᠭᠡᠷᠡᠬᠦ ᠤᠯᠠᠨ ᠲᠦᠮᠡᠨ ᠢ ᠵᠣᠬᠢᠶᠠᠨ ᠪᠠᠶᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠠᠤᠯᠢ︾ ᠶᠢᠨ ᠲᠤᠰᠬᠠᠶ ᠰᠡᠳᠦᠪᠲᠦ ᠸᠢᠳᠢᠣ᠋ ᠶᠢ ᠦᠵᠡᠪᠡ᠃ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠬᠠᠶ ᠯᠦᠩ ᠲᠤᠬᠠᠶ ᠶᠢᠨ ᠲᠠᠯᠠᠪᠠᠶ ᠳᠤ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠵᠤ᠂ ᠠᠮᠤ ᠪᠤᠳᠠᠭ᠎ᠠ ᠪᠠᠷ ᠠᠮᠤᠷ ᠲᠦᠪᠰᠢᠨ ᠢ ᠲᠡᠷᠢᠭᠦᠨ ᠳᠤ ᠲᠠᠯᠪᠢᠨ᠎ᠠ᠂ ᠡᠨᠡ ᠵᠢᠯ ᠪᠣᠯ ᠮᠠᠨ ᠤ ᠰᠢᠶᠠᠨ ᠤ ᠢᠳᠡᠭᠡᠨ ᠤ ᠠᠮᠤᠷ ᠲᠦᠪᠰᠢᠨ ᠤ  ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠢᠬᠦ ᠪᠣᠯ  ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠴᠢᠬᠤᠯᠠ ᠠᠷᠭ᠎ᠠ  ᠬᠡᠮᠵᠢᠶ᠎ᠡ ᠪᠣᠯᠤᠨ᠎ᠠ᠂ ᠪᠢᠳᠡ ᠢᠳᠡᠭᠡᠨ ᠤ ᠠᠮᠤᠷ ᠲᠦᠪᠰᠢᠨ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠤᠬᠠᠭᠤᠯᠭ᠎ᠠ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠥᠷᠭᠡᠨ ᠤᠯᠠᠨ ᠬᠤᠳᠠ ᠶᠢᠨ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ︾  ᠭᠡᠵᠠᠢ᠃                                                     ᠨᠠᠶᠢᠷᠠᠭᠤᠯᠤᠭᠴᠢ᠄  ᠯᠢ ᠬᠤᠩ ᠢᠦᠢ                                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2