ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ | ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ | ᠤᠯᠠᠮ ᠨᠢᠭᠡ ᠠᠯᠬᠤᠮ ᠤᠷᠲᠤᠳᠬᠠᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ | ᠲᠣᠭᠲᠠᠪᠠ | ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ ᠵᠠᠬ᠎ᠠ ᠳᠡᠯᠭᠡᠭᠦᠷ ᠤᠨ | ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠪᠠᠶᠢᠷᠢᠯᠠᠭᠤᠯᠵᠤ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ | ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ | ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ | ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ | ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 13 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠡᠯ ᠤᠨ | ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ | ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠲᠤᠰᠬᠠᠢ | ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ᠂ ᠵᠠᠬ᠎ᠠ ᠳᠡᠯᠭᠡᠭᠦᠷ ᠤᠨ | ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ︔ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ | ᠂ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ︔ ᠡᠯᠧᠺᠲᠷᠣᠨ ᠴᠠᠬᠢᠯᠭᠠᠨ | ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠦᠷᠢᠮ ᠤᠨ | ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ︔ ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ | ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ | ᠬᠢᠨᠠᠨ ᠵᠥᠪᠰᠢᠶᠡᠷᠡᠬᠦ ᠪᠠᠷ ᠲᠣᠭᠲᠠᠵᠤ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠠᠲᠤᠯᠠᠬᠤ ᠳᠤ ᠪᠤᠢ᠃ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠᠲᠤ ᠠᠵᠤ ᠠᠬᠤᠢ ᠶᠢᠨ | ᠰᠠᠭᠤᠷᠢ ᠪᠠᠶᠢᠵᠤ᠂ ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠨᠡᠯᠢᠶᠡᠳ ᠶᠡᠭᠡ | ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ | ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠡᠮᠦᠨᠡᠬᠢ ᠬᠤᠭᠤᠴᠠᠭᠠᠨ ᠳᠤ ᠬᠤᠶᠢᠰᠢᠯᠠᠭᠤᠯᠤᠨ ᠲᠤᠰᠢᠶᠠᠭᠰᠠᠨ ᠠᠰᠢᠭ | ᠣᠯᠵᠠᠪᠤᠷᠢ ᠶᠢᠨ ᠭᠠᠶᠢᠯᠢ ᠵᠡᠷᠭᠡ ︽ᠲᠠᠪᠤᠨ ᠭᠠᠶᠢᠯᠢ ᠬᠤᠶᠠᠷ ᠰᠦᠢᠳᠬᠡᠯ︾ ᠢ 9 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠢᠵᠤ 4 ᠰᠠᠷ᠎ᠠ ᠬᠤᠶᠢᠰᠢᠯᠠᠭᠤᠯᠤᠨ ᠨᠥᠬᠦᠵᠦ | ᠲᠤᠰᠢᠶᠠᠨ᠎ᠠ᠃ ᠡᠨᠡ ᠨᠢ 4400 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠤᠶᠢᠰᠢᠯᠠᠭᠤᠯᠬᠤ ᠳᠤ ᠬᠤᠯᠪᠣᠭᠳᠠᠨ᠎ᠠ | ᠃ ᠡᠭᠦᠨ ᠤ ᠬᠠᠮᠲᠤ ᠦᠢᠯᠡᠳᠬᠡᠯ ᠤᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ | ᠲᠤᠯᠭᠠᠨ ᠰᠠᠭᠤᠳᠬᠠᠬᠤ ᠭᠠᠶᠢᠯᠢ ᠶᠢᠨ ᠲᠤᠭ᠎ᠠ ᠶᠢ ᠭᠤᠶᠤᠴᠢᠯᠠᠭᠰᠠᠨ ᠳᠠᠷᠤᠢ ᠳᠤ ᠨᠢ ᠪᠤᠴᠠᠭᠠᠵᠤ᠂ ᠲᠠᠩᠰᠠᠨ ᠳᠤ | ᠣᠷᠣᠭᠤᠯᠬᠤ ᠳᠤᠮᠳᠠᠴᠢ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠢᠱᠢᠯᠲᠡ ᠪᠠᠷ ᠡᠨᠡ ᠵᠢᠯ ᠤᠨ | ᠰᠡᠭᠦᠯᠴᠢ ᠶᠢᠨ 4 ᠰᠠᠷ᠎ᠠ ᠳᠤ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠳᠠᠬᠢᠭᠠᠳ 320 ᠳ᠋ᠦᠩᠰᠢᠭᠤᠷ | ᠲᠥᠭᠦᠷᠢᠭ ᠤᠨ ᠭᠠᠶᠢᠯᠢ ᠪᠤᠴᠠᠭᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠨᠢ ᠦᠢᠯᠡᠳᠬᠡᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ | ᠥᠷᠭᠡᠳᠬᠡᠵᠦ᠂ ᠬᠡᠷᠡᠭᠯᠡᠭᠡ ᠶᠢᠨ ᠰᠡᠷᠭᠦᠭᠡᠯᠲᠡ ᠶᠢ ᠠᠵᠤ ᠠᠬᠤᠢ ᠶᠢᠨ ᠭᠤᠣᠯ ᠲᠠᠲᠠᠬᠤ ᠬᠦᠴᠦᠨ ᠪᠣᠯᠭᠠᠬᠤ ᠶᠢ | ᠠᠬᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ ᠦᠢᠯᠡᠳᠬᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠦᠢᠯᠡᠴᠢᠯᠡᠭᠡᠨ ᠤ ᠬᠦᠷᠢᠶ᠎ᠡ | ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | ᠵᠡᠷᠭᠡ ᠶᠢᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ᠂ ᠪᠦᠬᠦ ᠤᠯᠤᠰ ᠤᠨ | ᠴᠢᠨᠠᠷᠲᠠᠢ ᠬᠤᠳᠠᠯᠳᠤᠭᠠᠨ ᠤ ᠪᠠᠩᠬᠢ ᠶᠢᠨ 3.2% ᠠᠴᠠ ᠳᠣᠣᠷ᠎ᠠ ᠬᠦᠦ ᠮᠥᠩᠭᠦ ᠶᠢᠨ ᠨᠣᠷᠮ᠎ᠠ ᠪᠠᠷ ᠳᠤᠮᠳᠠ ᠪᠠ | ᠤᠷᠲᠤ ᠬᠤᠭᠤᠴᠠᠭᠠᠨ ᠤ ᠵᠢᠭᠡᠯᠡᠯᠭᠡ ᠶᠢ ᠢᠳᠡᠪᠬᠢᠲᠡᠢ ᠪᠠᠷ ᠲᠠᠯᠪᠢᠬᠤ ᠶᠢ ᠳᠡᠮᠵᠢᠨ᠎ᠡ᠃ ᠠᠷᠠᠳ ᠤᠨ ᠪᠠᠩᠬᠢ | ᠵᠢᠭᠡᠯᠡᠯᠭᠡ ᠠᠴᠠ ᠡᠬᠡ ᠮᠥᠩᠭᠦ ᠶᠢᠨ 100% ᠪᠠᠷ ᠬᠤᠳᠠᠯᠳᠤᠭᠠᠨ ᠤ ᠪᠠᠩᠬᠢ ᠳᠤ ᠲᠤᠰᠬᠠᠢ ᠲᠡᠬᠢᠨ ᠵᠢᠭᠡᠯᠡᠯᠭᠡ ᠶᠢᠨ | ᠳᠡᠮᠵᠢᠯᠭᠡ ᠦᠵᠡᠭᠦᠯᠦᠨ᠎ᠡ᠃ ᠲᠤᠰᠬᠠᠢ ᠳᠠᠬᠢᠨ ᠵᠢᠭᠡᠯᠡᠯᠭᠡ ᠶᠢᠨ ᠲᠤᠭ᠎ᠠ ᠶᠢ 2000 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠶᠢᠯᠭᠠᠵᠤ᠂ ᠠᠯᠢ ᠴᠢᠳᠠᠬᠤ ᠪᠠᠷ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠴᠠᠭ᠎ᠠ ᠶᠢ | ᠨᠢ 1 ᠵᠢᠯ ᠪᠠᠶᠢᠵᠤ᠂ ᠬᠤᠶᠠᠷ ᠤᠳᠠᠭ᠎ᠠ ᠤᠷᠲᠤᠳᠬᠠᠵᠤ ᠪᠣᠯᠣᠨ᠎ᠠ᠃ ᠡᠭᠦᠨ ᠤ ᠬᠠᠮᠲᠤ ᠨᠢᠭᠡᠨᠲᠡ ᠲᠣᠭᠲᠠᠭᠠᠭᠰᠠᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠶᠢᠨ ᠭᠤᠣᠯ | ᠴᠣᠭᠴᠠ ᠳᠤ 2.5% ᠶᠢᠨ ᠳᠠᠮ ᠬᠦᠦ ᠥᠭᠴᠦ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ | ᠰᠢᠨᠡᠳᠬᠡᠨ ᠥᠭᠡᠷᠡᠴᠢᠯᠡᠬᠦ ᠵᠢᠭᠡᠯᠡᠯᠭᠡ ᠶᠢᠨ ᠭᠤᠣᠯ ᠴᠣᠭᠴᠠ ᠶᠢᠨ ᠪᠣᠳᠠᠲᠠᠢ ᠵᠢᠭᠡᠯᠡᠯᠭᠡ ᠶᠢᠨ ᠥᠪᠡᠷ ᠤᠨ ᠥᠷᠲᠡᠭ ᠢ | 0.7% ᠠᠴᠠ ᠬᠡᠲᠦᠷᠡᠭᠦᠯᠬᠦ ᠦᠭᠡᠢ ᠭᠡᠵᠦ ᠲᠣᠭᠲᠠᠪᠠ᠃ | ᠬᠤᠷᠠᠯ ᠠᠴᠠ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠦᠨᠳᠦᠰᠦᠨ ᠪᠣᠳᠣᠯᠭ᠎ᠠ ᠮᠥᠨ᠂ ᠭᠠᠳᠠᠭᠠᠳᠤ | ᠣᠷᠣᠭᠤᠯᠤᠯᠲᠠ ᠭᠠᠷᠭᠠᠯᠲᠠ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠨᠢᠭᠡ ᠳᠤ᠂ ᠵᠠᠬᠢᠶᠠᠯᠠᠭ᠎ᠠ ᠶᠢ ᠪᠠᠲᠤᠯᠠᠵᠤ ᠵᠠᠬ᠎ᠠ | ᠳᠡᠯᠭᠡᠭᠦᠷ ᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠨᠧᠷᠭᠢ ᠬᠡᠷᠡᠭᠯᠡᠬᠦ᠂ ᠠᠵᠢᠯᠴᠢᠨ | ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ | ᠪᠦᠬᠦ ᠬᠦᠴᠦᠨ ᠢᠶᠠᠷ ᠢᠶᠠᠨ ᠲᠡᠮᠵᠢᠵᠤ᠂ ᠭᠡᠷ᠎ᠡ ᠪᠠᠨ ᠭᠦᠢᠴᠡᠳᠬᠡᠬᠦ ᠶᠢ ᠦᠨᠡᠨ ᠬᠦ ᠪᠠᠲᠤᠯᠠᠨ᠎ᠠ᠃ ᠭᠠᠳᠠᠭᠠᠳᠤ ᠠᠵᠤ | ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠲᠦᠷᠭᠡᠪᠴᠢᠯᠡᠨ ᠪᠣᠳᠠᠲᠠᠶᠢᠵᠢᠭᠤᠯᠤᠨ᠎ᠠ᠃ | ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ᠂ ᠵᠥᠪᠳᠡᠯᠴᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠎ᠠ᠃ ᠬᠤᠶᠠᠷ ᠲᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠡᠩ | ᠶᠡᠭᠡ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠨᠢᠭᠡ ᠪᠦᠯᠦᠭ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢ ᠰᠢᠨ᠎ᠡ ᠪᠠᠷ ᠪᠠᠶᠢᠭᠤᠯᠬᠤ ᠠᠵᠢᠯ ᠢ ᠰᠢᠮᠳᠠᠭᠤᠯᠤᠨ ᠬᠢᠵᠦ᠂ | ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠨᠡᠩ ᠴᠢᠩᠭᠠᠷᠠᠭᠤᠯᠤᠨ᠎ᠠ᠃ | ᠭᠤᠷᠪᠠ ᠳᠤ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠠ ᠬᠢᠯᠢ ᠶᠢᠨ ᠳᠣᠲᠣᠷᠠᠬᠢ ᠲᠡᠭᠡᠭᠡᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠶᠢ ᠲᠦᠷᠭᠡᠨ | ᠳᠠᠮᠵᠢᠭᠤᠯᠤᠨ ᠲᠦᠷᠭᠡᠨ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠪᠣᠭᠤᠮᠲᠠ ᠶᠢᠨ ᠦᠢᠯᠡᠴᠢᠯᠡᠭᠡᠨ ᠤ ᠵᠣᠬᠢᠰ | ᠦᠭᠡᠢ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠠᠷᠢᠯᠭᠠᠨ᠎ᠠ᠃ ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ᠂ | ᠮᠡᠷᠭᠡᠵᠢᠯ ᠤᠨ ᠠᠵᠢᠯᠲᠠᠨ ᠵᠢᠴᠢ ᠭᠡᠷ ᠪᠦᠯᠢ ᠶᠢᠨ ᠬᠢᠨ ᠤ ᠬᠢᠯᠢ ᠪᠠᠷ ᠣᠷᠣᠵᠤ ᠭᠠᠷᠬᠤ ᠳᠤ ᠤᠯᠠᠮ ᠨᠢᠭᠡ ᠠᠯᠬᠤᠮ | ᠳᠥᠭᠦᠮ ᠦᠵᠡᠭᠦᠯᠦᠨ᠎ᠡ᠃ ᠲᠠᠪᠤ ᠳᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠮᠣ ᠮᠤᠵᠢ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠲᠤᠯᠭᠠᠭᠤᠷᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠪᠠ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ ᠮᠠᠨ ᠤ ᠤᠯᠤᠰ ᠤᠨ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠡᠪᠴᠢᠶ᠎ᠡ | ᠶᠡᠭᠡ᠂ ᠠᠵᠢᠯ ᠣᠯᠣᠯᠲᠠ ᠶᠢ ᠰᠢᠩᠭᠡᠬᠡᠨ ᠠᠪᠬᠤ ᠨᠢ ᠤᠯᠠᠨ ᠪᠠᠶᠢᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠨᠡᠩ ᠶᠡᠭᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ᠨᠢᠭᠡ ᠳᠤ᠂ ᠨᠢᠭᠡ ᠪᠦᠯᠦᠭ ᠠᠮᠤᠷ ᠲᠦᠪᠰᠢᠨ ᠤ ᠲᠦᠭᠰᠢᠭᠦᠷᠢ ᠪᠠᠷ ᠳᠣᠣᠷ᠎ᠠ᠂ ᠮᠡᠷᠭᠡᠵᠢᠯ ᠤᠨ ᠨᠥᠬᠦᠴᠡᠯ ᠢᠶᠠᠷ | ᠪᠣᠯᠪᠠᠰᠤᠷᠠᠩᠭᠤᠢ ᠪᠣᠯᠤᠭᠰᠠᠨ ᠦᠢᠯᠡᠳᠬᠦᠨ ᠳᠤ ᠠᠯᠪᠠ ᠪᠠᠷ ᠭᠡᠷᠡᠴᠢᠯᠡᠭᠦᠯᠬᠦ᠂ ᠴᠠᠬᠢᠯᠭᠠᠨ ᠬᠤᠯᠪᠣᠭᠠᠨ ᠤ | ᠲᠥᠬᠦᠭᠡᠷᠦᠮᠵᠢ ᠶᠢ ᠬᠡᠷᠡᠭᠯᠡᠬᠦ ᠵᠥᠪᠰᠢᠶᠡᠷᠡᠯ ᠵᠡᠷᠭᠡ ᠶᠢ ᠬᠦᠴᠦᠨ ᠦᠭᠡᠢ ᠪᠣᠯᠭᠠᠵᠤ᠂ ᠦᠢᠯᠡᠳᠬᠦᠨ ᠤ ᠵᠠᠬ᠎ᠠ | ᠳᠡᠯᠭᠡᠭᠦᠷ ᠲᠤ ᠣᠷᠣᠬᠤ ᠳᠤ ᠲᠦᠬᠦᠮ ᠦᠵᠡᠭᠦᠯᠦᠨ᠎ᠡ᠃ ᠬᠤᠶᠠᠷ ᠲᠤ᠂ ᠦᠢᠯᠡᠳᠬᠡᠯ ᠤᠨ ᠦᠢᠯᠡᠰ ᠤᠨ | ᠦᠢᠯᠡᠳᠬᠦᠨ ᠤ ᠵᠠᠬ᠎ᠠ ᠳᠡᠯᠭᠡᠭᠦᠷ ᠲᠤ ᠭᠠᠷᠬᠤ ᠵᠣᠬᠢᠰ ᠦᠭᠡᠢ ᠬᠢᠵᠠᠭᠠᠷᠯᠠᠯ ᠢ ᠪᠦᠬᠦ ᠲᠠᠯ᠎ᠠ ᠪᠠᠷ ᠴᠡᠪᠡᠷᠯᠡᠵᠦ᠂ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠵᠥᠪᠰᠢᠶᠡᠷᠡᠯ ᠢ ᠰᠢᠯᠢᠳᠡᠭᠵᠢᠭᠦᠯᠬᠦ | ᠪᠠ ᠳᠥᠭᠦᠮᠴᠢᠯᠡᠨ ᠨᠡᠶᠢᠯᠡᠭᠦᠯᠦᠨ᠎ᠡ᠃ ᠡᠨᠧᠷᠭᠢ ᠠᠷᠪᠢᠯᠠᠬᠤ᠂ ᠪᠣᠬᠢᠷᠳᠤᠯ ᠦᠭᠡᠢ ᠳᠡᠰ ᠢ ᠦᠨᠡᠯᠡᠨ ᠲᠣᠭᠲᠠᠭᠠᠵᠤ | ᠭᠡᠷᠡᠴᠢᠯᠡᠨ ᠮᠠᠭᠠᠳᠯᠠᠬᠤ ᠶᠢ ᠴᠣᠮᠬᠠᠳᠬᠠᠵᠤ᠂ ᠪᠦᠬᠦ ᠤᠯᠤᠰ ᠤᠨ ᠨᠢᠭᠡᠳᠦᠯᠲᠡᠢ ᠭᠡᠷᠡᠴᠢᠯᠡᠨ ᠨᠤᠲᠠᠯᠠᠬᠤ ᠰᠢᠰᠲ᠋ᠧᠮ ᠢ | ᠪᠠᠶᠢᠭᠤᠯᠤᠨ᠎ᠠ᠃ ᠭᠤᠷᠪᠠ ᠳᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠶᠢ | ᠰᠠᠶᠢᠲᠤᠷ ᠬᠢᠨ᠎ᠡ ᠭᠡᠵᠦ ᠵᠢᠭᠠᠵᠤ ᠭᠠᠷᠭᠠᠪᠠ᠃ | ᠡᠨᠧᠷᠭᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠬᠤᠷᠠᠯ ᠠᠴᠠ ᠨᠢᠭᠡᠨᠲᠡ ᠲᠥᠯᠦᠪᠵᠢᠭᠦᠯᠭᠡ ᠳᠤ ᠣᠷᠣᠭᠤᠯᠤᠭᠰᠠᠨ᠂ ᠨᠥᠬᠦᠴᠡᠯ | ᠪᠦᠷᠢᠳᠦᠭᠰᠡᠨ ᠹᠦᠵᠢᠶᠠᠨ ᠤ ᠵᠠᠩᠵᠸᠤ ᠶᠢᠨ ᠬᠤᠶᠠᠳᠤᠭᠠᠷ ᠬᠤᠭᠤᠴᠠᠭ᠎ᠠ᠂ ᠭᠤᠸᠠᠩᠳᠦ᠋ᠩ ᠤᠨ ᠯᠢᠶᠠᠨᠵᠢᠶᠠᠩ ᠤᠨ | ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠵᠦ᠂ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ | ᠲᠦᠪᠰᠢᠨ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠲᠣᠭᠲᠠᠪᠠ᠃ |