ᠵᠧᠩ ᠳ᠋ᠦᠩ ᠫᠢᠩ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/21
   9 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠪᠥᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᡂᠢ ᠶᠦᠩ ᠬᠤᠷᠠᠯ ᠳᠤ ᠣᠷᠣᠯᠴᠠᠪᠠ
        ᠬᠤᠷᠠᠯ ᠳᠡᠭᠡᠷ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠲᠣᠰ ᠲᠣᠰ ᠤᠨ ᠰᠤᠷᠭᠠᠭᠤᠯᠢ ᠶᠢᠨ ᠢᠶᠠᠨ ᠪᠣᠳᠠᠲᠠᠶ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠡᠶ᠃    ᠵᠧᠩ ᠳ᠋ᠦᠩ ᠫᠢᠩ ᠣᠳᠣᠬᠢ ᠱᠠᠲᠤᠨ ᠤ ᠮᠠᠨ ᠤ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠵᠤ᠂ ᠥᠷᠭᠡᠨ ᠤᠯᠠᠨ ᠪᠠᠭᠰᠢ ᠨᠠᠷ ᠤᠨ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠠᠵᠢᠯ ᠮᠥᠨ᠂ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠂ ᠶᠣᠰᠣ ᠰᠤᠷᠲᠠᠬᠤᠨ ᠢ ᠪᠤᠢ ᠪᠣᠯᠭᠠᠨ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠪᠦᠬᠦ ᠰᠢᠶᠠᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠵᠧᠩ ᠳ᠋ᠦᠩ ᠫᠢᠩ ᠱᠠᠭᠠᠷᠳᠠᠭᠰᠠᠨ ᠨᠢ᠂ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠰᠢᠯᠢᠳᠡᠭ ᠰᠣᠷᠣᠭᠴᠢ ᠶᠢᠨ ᠢᠷᠡᠯᠲᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠶ᠃ ᠤᠷᠮᠠᠰᠢᠭᠤᠯᠤᠨ ᠵᠣᠷᠢᠭᠵᠢᠭᠤᠯᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠪᠠᠭᠰᠢ ᠶᠢᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠮᠡᠷᠭᠡᠵᠢᠯ ᠤᠨ ᠴᠣᠯᠠ ᠶᠢᠨ ᠣᠷᠣᠨ ᠲᠤᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠤᠨ ᠪᠠᠭᠰᠢ ᠲᠡᠰᠢ ᠬᠡᠯᠪᠠᠶᠢᠯᠭᠡᠬᠦ ᠶᠢ ᠦᠨᠡᠨᠬᠦ ᠪᠡᠶᠡᠯᠡᠭᠦᠯᠵᠦ᠂ ᠪᠠᠭᠰᠢ ᠶᠢᠨ ᠡᠩᠨᠡᠭᠡ ᠶᠢᠨ ᠠᠮᠢᠵᠢᠷᠠᠯ ᠤᠨ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠠᠶᠢᠨ ᠰᠤᠷᠭᠠᠭᠤᠯᠢ ᠶᠢᠨ ᠵᠠᠬᠢᠷᠤᠯ᠂ ᠨᠡᠷᠡᠳᠤ ᠪᠠᠭᠰᠢ ᠶᠢ ᠬᠥᠮᠦᠵᠢᠭᠦᠯᠦᠨ ᠨᠥᠭᠡᠴᠡᠯᠡᠬᠦ ᠬᠡᠷᠡᠭᠲᠡᠢ᠃ ᠪᠠᠭᠰᠢ ᠶᠢᠨ ᠶᠣᠰᠣ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠡᠷ ᠤᠨ ᠠᠬᠠᠮᠠᠳ ᠪᠠ ᠰᠤᠷᠭᠠᠭᠤᠯᠢ ᠨᠤᠭᠤᠳ ᠬᠠᠮᠵᠢᠯᠴᠠᠨ ᠠᠵᠢᠯᠯᠠᠵᠤ᠂ ᠬᠥᠮᠦᠨ ᠬᠥᠮᠦᠵᠢᠭᠦᠯᠬᠦ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠳᠦᠷ ᠳᠤᠳᠤᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠤᠷ ᠲᠦᠪᠰᠢᠨ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨᠪᠦᠷᠢᠯᠳᠦᠭᠦᠯᠦᠨ᠎ᠡ᠃                                       ᠨᠠᠶᠢᠷᠠᠭᠤᠯᠤᠭᠴᠢ᠄  ᠶᠠᠩ ᠿᠦᠢ ᠵᠧᠨ                                       ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2