ᠳ᠋ᠢ ᠱᠢ ᠶᠢᠦ᠄ ᠴᠡᠷᠢᠭ ᠠᠴᠠ ᠬᠠᠯᠠᠭᠳᠠᠭᠰᠠᠨ ᠴᠡᠷᠢᠭ ᠤᠨ ᠬᠥᠮᠦᠨ ᠡᠩ ᠤᠨ ᠠᠵᠢᠯ ᠤᠨ ᠪᠠᠶᠢᠷᠢ ᠳᠠᠭᠠᠨ ᠦᠷᠭᠦᠯᠵᠢᠯᠡᠨ ᠴᠤᠭ ᠵᠢᠪᠬᠤᠭ᠎ᠠ ᠪᠠᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2022/9/26
    ᠳ᠋ᠢ ᠱᠢ ᠶᠢᠦ᠂ ᠯᠢᠶᠠᠩᠴᠧᠩ ᠰᠢᠶᠠᠨ ᠤ ᠱᠢ ᠵᠢᠢ ᠬᠤᠸᠠ ᠬᠤᠤ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ 1990 ᠣᠨ ᠠᠴᠠ 1993 ᠣᠨ ᠪᠣᠯᠲᠠᠯ᠎ᠠ ᠪᠡᠭᠡᠵᠢᠩ ᠤᠨ ᠴᠡᠷᠢᠭ ᠤᠨ ᠲᠣᠭᠤᠷᠢᠭ ᠤᠨ ᠨᠢᠭᠡᠳᠬᠡᠯ ᠠᠷᠮᠢ ᠶᠢᠨ ᠨᠢᠭᠡᠨ ᠴᠡᠷᠢᠭ ᠠᠩᠬᠢ ᠳᠤ ᠠᠯᠪᠠ ᠬᠠᠭᠠᠵᠤ ᠪᠠᠶᠢᠪᠠ᠂ ᠤᠳᠤ ᠬᠡᠳᠦ᠋ᠢᠪᠡᠷ ᠴᠡᠷᠢᠭ ᠠᠴᠠ ᠪᠠᠭᠤᠭᠠᠳ 30 ᠭᠠᠷᠤᠢ ᠵᠢᠯ ᠪᠣᠯᠤᠭᠰᠠᠨ ᠪᠣᠯᠪᠠᠴᠤ ᠲᠡᠷᠡ ᠮᠥᠨ ᠴᠡᠷᠢᠭ ᠤᠨ ᠬᠥᠮᠦᠨ ᠤ ᠤᠤᠷ ᠴᠢᠨᠠᠷ ᠢ ᠪᠠᠲᠤ ᠴᠡᠭᠡᠵᠢᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠨᠡᠶᠢᠭᠡᠮ ᠤᠨ ᠪᠠᠲᠤᠯᠠᠭᠴᠢ ᠠᠴᠠ ᠡᠬᠢᠯᠡᠨ ᠬᠢᠵᠦ᠂ ᠰᠡᠬᠦ᠋ᠢᠨ ᠰᠦᠨᠳᠡᠷᠯᠡᠭᠰᠡᠨ ᠴᠠᠭᠠᠨ ᠤᠯᠢᠶᠠᠰᠤᠨ ᠮᠣᠳᠣ ᠰᠢᠭ᠋ ᠨᠤᠲᠤᠭ ᠤᠰᠤᠨ ᠤ ᠪᠠᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃
           ᠤᠢᠢᠷ᠎ᠠ ᠶᠢᠨ ᠬᠡᠳᠦᠨ ᠡᠳᠦᠷ᠂ ᠯᠢᠶᠠᠩᠴᠧᠩ ᠰᠢᠶᠠᠨ ᠤ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠦᠷᠳᠡᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠳ᠋ᠢ ᠱᠢ ᠶᠢᠦ ᠶᠢᠨ ᠪᠠᠷ᠎ᠠ ᠦᠷᠭᠦᠯᠵᠢ ᠬᠠᠷᠠᠭᠳᠠᠳᠠᠭ᠂ ᠴᠠᠭ ᠭᠠᠷᠤᠮᠠᠭᠴᠠ ᠲᠡᠷᠡ ᠪᠠᠷᠢᠯᠭ᠎ᠠ ᠶᠢᠨ ᠭᠠᠵᠠᠷ ᠲᠤ ᠢᠷᠡᠵᠦ ᠪᠠᠷᠢᠯᠭ᠎ᠠ ᠶᠢᠨ ᠠᠬᠢᠴᠠ ᠶᠢ ᠦᠵᠡᠵᠦ᠂ ᠪᠠᠷᠢᠯᠭ᠎ᠠ ᠶᠢᠨ ᠠᠵᠢᠯ ᠤᠨ ᠲᠠᠯ᠎ᠠ ᠶᠢᠨ ᠬᠢᠨ ᠲᠠᠢ ᠬᠠᠮᠲᠤ ᠪᠠᠷ ᠪᠠᠷᠢᠯᠭ᠎ᠠ ᠶᠢᠨ ᠠᠵᠢᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠥᠪᠳᠡᠯᠴᠡᠨ ᠰᠢᠢᠳᠪᠦᠷᠢᠯᠡᠵᠦ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠦᠷᠳᠡᠭᠡ ᠶᠢᠨ ᠲᠦᠷᠦᠯ ᠵᠦᠢᠯ ᠢ ᠤᠷᠤᠭᠰᠢᠲᠠᠢ ᠡᠬᠢᠯᠡᠭᠦᠯᠦᠨ ᠪᠦᠳᠦᠭᠡᠨ ᠪᠠᠶᠢᠭᠤᠯᠬᠤ ᠳᠤ ᠳ᠋ᠢ  ᠱᠢ ᠶᠢᠦ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ︽ᠱᠢ  ᠵᠢᠢ ᠬᠤᠸᠠ ᠬᠤᠤ ᠯᠢᠶᠠᠩᠴᠧᠩ ᠰᠢᠶᠠᠨ ᠤ ᠠᠭᠠᠷ ᠤᠨ ᠠᠶᠠᠯᠠᠯ ᠤᠨ ᠣᠶ ᠰᠢᠭᠤᠶ ᠬᠠᠮᠠᠭᠠᠯᠠᠬᠤ ᠥᠷᠲᠡᠭᠡᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠳᠤ ᠮᠠᠰᠢ ᠣᠯᠠᠨ ᠠᠵᠢᠯ ᠬᠢᠵᠦ᠂ ᠳᠥᠴᠢᠨ ᠬᠡᠳᠦᠨ ᠵᠦᠢᠯ ᠤᠨ ᠭᠠᠷ ᠭᠦᠢᠴᠡᠳᠬᠡᠯ ᠢ ᠪᠢᠳᠡ ᠰᠠᠨᠠᠭᠠᠴᠢᠯᠠᠭ᠎ᠠ ᠠᠴᠠ ᠪᠠᠨ ᠲᠡᠳᠡᠨ ᠢ ᠬᠠᠪᠰᠤᠷᠤᠨ ᠭᠤᠶᠤᠴᠢᠯᠠᠨ ᠮᠡᠳᠡᠭᠦᠯᠵᠦ ᠪᠡᠶᠡᠯᠡᠭᠦᠯᠦᠭᠰᠡᠨ ᠶᠤᠮ᠂ ᠪᠠᠷᠢᠯᠭ᠎ᠠ ᠶᠢᠨ ᠠᠵᠢᠯ ᠢ 5 ᠰᠠᠷ᠎ᠠ ᠶᠢᠨ 23 ᠤ ᠡᠳᠦᠷ ᠵᠢᠩᠬᠢᠨᠢ ᠪᠠᠷ ᠡᠬᠢᠯᠡᠨ ᠪᠠᠶᠢᠭᠤᠯᠵᠤ᠂ ᠣᠳᠣ ᠮᠠᠰᠢ ᠤᠷᠤᠭᠰᠢᠲᠠᠶ ᠶᠠᠪᠤᠭᠳᠠᠵᠤ ᠪᠠᠶᠢᠨ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠵᠡᠷᠭᠡ ᠠᠯᠢ ᠣᠯᠠᠨ ᠤᠴᠢᠷ ᠶᠠᠪᠤᠳᠠᠯ ᠢ ᠴᠥᠮ ᠮᠠᠰᠢ ᠰᠠᠶᠢᠨ ᠬᠢᠵᠦ ᠪᠠᠶᠢᠨ᠎ᠠ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠬᠤ ᠪᠣᠯᠤᠨ᠎ᠠ︾ ᠭᠡᠵᠦ ᠳ᠋ᠢ  ᠱᠢ ᠢᠦ ᠰᠤᠷᠪᠤᠯᠵᠢᠯᠠᠭᠴᠢ ᠳᠤ ᠬᠡᠯᠡᠵᠡᠶ᠃      ᠳ᠋ᠢ ᠱᠢ ᠶᠢᠦ ᠡᠷᠭᠢᠴᠡᠭᠦᠯᠬᠦ ᠳᠡᠭᠡᠨ᠂ 1991 ᠣᠨ ᠳᠤ ᠪᠡᠭᠡᠵᠢᠩ ᠤᠨ ᠴᠡᠷᠢᠭ ᠤᠨ ᠲᠣᠭᠤᠷᠢᠭ ᠤᠨ ᠡᠷᠬᠢᠯᠡᠭᠰᠡᠨ ᠲᠠᠩᠺ ᠤᠨ ᠰᠡᠯᠪᠢᠨ ᠵᠠᠰᠠᠬᠤ ᠴᠡᠷᠢᠭ ᠠᠩᠬᠢ ᠶᠢᠨ ᠶᠡᠭᠡ ᠮᠥᠷᠦ᠋ᠢᠴᠡᠭᠡᠨ ᠳᠤ ᠲᠠᠩᠺ ᠤᠨ ᠭᠤᠣᠯ ᠵᠠᠭᠤᠷᠠᠪᠴᠢ ᠶᠢᠨ ᠮᠥᠷᠦ᠋ᠢᠴᠡᠭᠡᠨ ᠳᠤ᠂ ᠲᠡᠷᠡ 19 ᠮᠢᠨᠦ᠋ᠲ 28 ᠰᠧᠺᠦ᠋ᠨ᠋ᠳ᠋ ︵ᠬᠤᠶᠠᠳᠤᠭᠠᠷ ᠨᠡᠷᠡᠰ ᠠᠴᠠ 8 ᠮᠢᠨᠦ᠋ᠲ 5 ᠰᠧᠺᠦ᠋ᠨ᠋ᠳ᠋︶ ᠤᠨ ᠰᠢᠯᠢᠳᠡᠭ ᠬᠢᠷᠢ ᠪᠦᠲᠦᠮᠵᠢ ᠪᠠᠷ ᠨᠢᠭᠡᠳᠦᠭᠡᠷ ᠲᠤ ᠣᠷᠣᠵᠤ᠂ ᠪᠠᠶᠢᠭ᠎ᠠ ᠴᠡᠷᠢᠭ ᠠᠩᠬᠢ ᠳᠠᠭᠠᠨ ᠢᠷᠠᠭᠤ ᠠᠯᠳᠠᠷ ᠢ ᠲᠡᠮᠡᠴᠡᠨ ᠣᠯᠵᠤ᠂ ᠮᠠᠨ ᠤ ᠴᠡᠷᠢᠭ ᠤᠨ ᠵᠠᠳᠠᠯᠤᠨ ᠲᠣᠨᠣᠭᠯᠠᠬᠤ ᠭᠤᠣᠯ ᠵᠠᠭᠤᠷᠠᠪᠴᠢ ᠶᠢᠨ ᠤᠷᠤᠯᠳᠤᠭᠠᠨ ᠤ ᠰᠢᠨ᠎ᠡ ᠲᠡᠮᠳᠡᠭᠯᠡᠯ ᠢ ᠡᠭᠦᠳᠴᠡᠢ᠃ ᠴᠡᠷᠢᠭ ᠠᠩᠭᠢ ᠶᠢᠨ ᠠᠯᠪᠠ ᠬᠠᠭᠠᠵᠤ ᠪᠠᠶᠢᠬᠤ ᠬᠤᠭᠤᠴᠠᠭᠠᠨ ᠳᠤ᠂  ᠦᠶ᠎ᠡ ᠶᠢᠨ ᠨᠠᠶᠢᠵᠠ ᠨᠠᠷ ᠣᠯᠠᠨ ᠤᠳᠠᠭ᠎ᠠ ᠰᠠᠶᠢᠰᠢᠶᠠᠨ ᠬᠥᠬᠢᠭᠦᠯᠦᠭᠳᠡᠵᠦ᠂ ᠨᠢᠭᠡᠳᠬᠡᠯ ᠠᠷᠮᠢ ᠶᠢᠨ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃ 1991 ᠣᠨ ᠤ 12 ᠰᠠᠷ᠎ᠠ ᠳᠤ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ ᠶᠢ ᠨᠢᠭᠡ ᠤᠳᠠᠭ᠎ᠠ ᠪᠠᠶᠢᠭᠤᠯᠤᠭᠰᠠᠨ ᠪᠥᠭᠡᠳ ᠬᠤᠶᠠᠳᠤᠭᠠᠷ ᠳᠡᠰ ᠤᠨ ᠭᠠᠪᠢᠶᠠᠨ ᠤ ᠲᠡᠮᠳᠡᠭ ᠢ ᠭᠠᠷᠳᠠᠭᠤᠯᠪᠠ᠃      ᠴᠡᠷᠢᠭ ᠠᠩᠭᠢ ᠠᠴᠠ ᠬᠠᠯᠠᠭᠳᠠᠭᠰᠠᠨ ᠤ ᠳᠠᠷᠠᠭ᠎ᠠ᠂ ᠳ᠋ᠢ ᠱᠢ ᠢᠦ ᠤᠷᠢᠳ ᠬᠤᠵᠢᠳ ᠯᠢᠶᠠᠩᠴᠧᠩ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠬᠠᠮᠢᠶᠠᠷᠤᠯᠲᠠ ᠶᠢᠨ ᠲᠣᠪᠴᠢᠶ᠎ᠠ᠂ ᠱᠢ  ᠵᠢᠢ  ᠬᠤᠸᠠ ᠬᠤᠤ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠺᠣᠮᠫᠠᠨᠢ ᠳᠤ ᠠᠵᠢᠯᠯᠠᠵᠤ᠂ ᠠᠵᠢᠯ ᠤᠨ ᠪᠠᠶᠢᠷᠢ ᠪᠣᠯᠭᠠᠨ ᠳᠤ ᠪᠦᠲᠦᠭᠡᠯᠴᠢ ᠪᠠᠷ ᠠᠵᠢᠯ ᠢᠶᠠᠨ ᠥᠷᠨᠢᠭᠦᠯᠦᠭᠰᠡᠨ ᠪᠠᠶᠢᠨ᠎ᠠ᠃ 2021 ᠣᠨ ᠳᠤ᠂ ᠳ᠋ᠢ ᠱᠢ ᠶᠢᠦ ᠺᠣᠮᠫᠠᠨᠢ ᠶᠢᠨ ᠠᠵᠢᠯᠲᠠᠳ ᠢᠶᠠᠨ ᠳᠠᠭᠠᠭᠤᠯᠤᠨ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ  ᠲᠤᠪᠴᠢᠶ᠎ᠠ ᠶᠢᠨ ᠭᠠᠯ ᠰᠡᠷᠭᠡᠶᠢᠯᠡᠬᠦ ᠠᠯᠪᠠᠨ ᠭᠡᠷ ᠲᠠᠢ ᠬᠠᠮᠵᠢᠯᠴᠠᠨ ᠮᠠᠨ ᠤ ᠰᠢᠶᠠᠨ ᠤ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ 40 ᠭᠠᠷᠤᠢ ᠵᠦᠢᠯ ᠤᠨ ᠲᠤᠨᠤᠭ ᠲᠥᠬᠦᠭᠡᠷᠦᠮᠵᠢ ᠶᠢ ᠪᠡᠶᠡᠯᠡᠭᠦᠯᠵᠦ᠂ ᠲᠦᠷᠦᠯ ᠵᠦᠢᠯ ᠤᠨ ᠤᠷᠤᠭᠰᠢᠲᠠᠢ ᠠᠵᠢᠯ ᠡᠬᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃       ︽ᠳ᠋ᠢ ᠱᠢ ᠶᠢᠤ ᠳᠠᠭᠠᠭᠠᠮᠠᠯ ᠬᠡᠳᠦ᠋ᠢᠪᠡᠷ ᠴᠡᠷᠢᠭ ᠠᠴᠠ ᠬᠠᠯᠠᠭᠳᠠᠭᠠᠳ ᠨᠢᠭᠡᠨᠲᠡ 30 ᠵᠢᠯ ᠪᠣᠯᠤᠭᠰᠠᠨ ᠪᠣᠯᠪᠠᠴᠤ ᠲᠡᠷᠡ ᠴᠡᠷᠢᠭ ᠠᠴᠠ ᠬᠠᠯᠠᠭᠳᠠᠭᠰᠠᠳ ᠤᠨ ᠮᠥᠨ ᠴᠢᠨᠠᠷ ᠢᠶᠠᠨ ᠢᠮᠠᠭᠲᠠ ᠪᠠᠷᠢᠮᠲᠠᠯᠠᠵᠤ᠂ ᠪᠠᠶᠢᠭᠤᠯᠤᠯᠭ᠎ᠠ ᠳᠠᠭᠠᠨ ᠠᠵᠢᠯᠯᠠᠬᠤ ᠳᠠᠭᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠷᠢᠨ ᠬᠢᠨᠠᠮᠠᠭᠠᠶ ᠬᠠᠷᠢᠭᠤᠴᠠᠨ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠬᠦ ᠪᠣᠯ ᠮᠠᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ︾᠃ ᠭᠡᠵᠦ  ᠱᠢ  ᠵᠢᠢ  ᠬᠤᠸᠠ  ᠬᠤᠤ ᠭᠡᠷ ᠭᠠᠵᠠᠷ ᠤᠨ ᠬᠦᠷᠦᠩᠭᠡ ᠶᠢᠨ ᠺᠣᠮᠫᠠᠨᠢ ᠶᠢᠨ ᠠᠵᠢᠯᠳᠠᠨ ᠵᠢᠶᠠ ᠪᠦᠦ ᠫᠢᠩ ᠰᠤᠷᠪᠤᠯᠵᠢᠯᠠᠭᠴᠢ ᠳᠤ ᠬᠡᠯᠡᠪᠡ᠃      ᠣᠨ ᠰᠠᠷ᠎ᠠ ᠳᠤ ᠭᠠᠶᠢᠬᠠᠮᠰᠢᠭᠲᠤ ᠶᠠᠪᠤᠳᠠᠯ ᠢ ᠲᠣᠭᠠᠴᠢᠨ ᠶᠠᠷᠢᠵᠤ᠂ ᠬᠤᠪᠢ ᠨᠡᠮᠡᠷᠢ ᠦᠵᠡᠭᠦᠯᠦᠨ ᠭᠡᠷᠡᠯ ᠰᠠᠴᠤᠷᠠᠩᠭᠤᠢ ᠠᠮᠵᠢᠯᠲᠠ ᠶᠢ ᠭᠡᠷᠡᠴᠢᠯᠡᠪᠡ᠂ ᠲᠡᠷᠡ ᠬᠡᠳᠦ᠋ᠢᠪᠡᠷ ᠴᠡᠷᠢᠭ ᠤᠨ ᠬᠤᠪᠴᠠᠰᠤ ᠪᠠᠨ ᠲᠠᠶᠢᠯᠤᠭᠰᠠᠨ ᠪᠣᠯᠪᠠᠴᠤ᠂ ᠴᠡᠷᠢᠭ ᠤᠨ ᠬᠥᠮᠦᠨ ᠴᠡᠷᠢᠭ ᠠᠴᠠ ᠬᠠᠯᠠᠭᠳᠠᠭᠰᠠᠳ ᠤᠨ ᠦᠩᠭᠡ ᠨᠢ ᠪᠠᠭᠤᠷᠠᠬᠤ ᠦᠭᠡᠢ᠂ ᠴᠡᠷᠢᠭ ᠤᠨ ᠬᠥᠮᠦᠨ ᠤ ᠳᠦᠷᠢ ᠲᠥᠷᠬᠦ ᠨᠢ ᠮᠥᠨ ᠯᠡ ᠴᠠᠭ ᠢᠮᠠᠭᠲᠠ ᠡᠭᠡᠯ ᠵᠢᠷ ᠤᠨ ᠠᠮᠢᠳᠤᠷᠠᠯ᠂ ᠠᠵᠢᠯ ᠤᠨ ᠳᠤᠮᠳᠠ ᠪᠠᠨ ᠢᠯᠡᠷᠡᠨ᠎ᠡ᠃ ᠳ᠋ᠢ ᠱᠢ ᠶᠢᠤ᠄ ︽ᠪᠢ ᠴᠡᠷᠢᠭ ᠠᠴᠠ ᠬᠠᠯᠠᠭᠳᠠᠭᠰᠠᠳ ᠪᠣᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠭᠡᠰᠢᠭᠦᠨ ᠮᠥᠨ᠂ ᠡᠨᠡ ᠪᠣᠯ ᠨᠢᠭᠡ ᠬᠤᠭᠤᠴᠠᠭᠠᠨ ᠤ ᠪᠠᠷᠢᠮᠲᠠᠯᠠᠯ ᠪᠢᠰᠢ᠂ ᠬᠠᠷᠢᠨ ᠨᠢᠭᠡ ᠨᠠᠰᠤᠨ ᠤ ᠪᠠᠷᠢᠮᠲᠠᠯᠠᠯ ᠮᠥᠨ᠂ ᠦᠨᠳᠦᠰᠦᠨ ᠱᠠᠲᠤᠨ ᠤ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠪᠢ ᠴᠡᠷᠢᠭ ᠤᠨ ᠬᠥᠮᠦᠨ ᠤ ᠮᠥᠨ ᠴᠢᠨᠠᠷ ᠢ ᠪᠠᠲᠤ ᠴᠡᠭᠡᠵᠢᠯᠡᠵᠦ᠂ ᠬᠦᠴᠢᠷ ᠪᠡᠷᠬᠡ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠤᠲᠤᠭ ᠤᠰᠤᠨ ᠤ ᠪᠠᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃   ᠳ᠋ᠢ ᠱᠢ ᠶᠢᠤ ᠬᠡᠯᠡᠬᠦ ᠳᠡᠭᠡᠨ᠄ ︽ᠪᠢ ᠴᠡᠷᠢᠭ ᠠᠴᠠ ᠬᠠᠯᠠᠭᠳᠠᠭᠰᠠᠳ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠤᠲᠤᠭ ᠤᠰᠤᠨ ᠤ ᠪᠠᠨ ᠰᠠᠶᠢᠨ ᠪᠥᠭᠡᠳ ᠲᠦᠷᠭᠡᠨ ᠬᠥᠭᠵᠢᠯᠲᠡ ᠶᠢ ᠳᠥᠯᠭᠢᠨ ᠠᠬᠢᠭᠤᠯᠬᠤ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠡᠶ᠃                                         ᠨᠠᠶᠢᠷᠠᠭᠤᠯᠤᠭᠴᠢ᠄    ᠶᠠᠩ  ᠿᠦᠢ ᠵᠧᠨ                                         ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2