ᠲᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ᠲᠤ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/29
    ᠬᠠᠷᠢᠶ᠎ᠠ ᠣᠷᠣᠨ  ᠤ ᠰᠠᠭᠤᠭᠠᠯᠢ ᠠᠷᠠᠳ ᠤᠯᠠᠨ  ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ  ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠡᠨᠡᠳᠲᠡ  ᠶᠢᠨ ᠬᠡᠷᠡᠭ  ᠢ  ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ  ᠶᠢᠨ ᠲᠤᠰᠠᠳᠠ᠂ 9 ᠰᠠᠷ᠎ᠠ ᠶᠢᠨ 28 ᠤ ᠡᠳᠦᠷ᠂  ᠲᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ᠤᠨ ᠬᠢᠨ ᠠᠵᠢᠯᠲᠠᠨ᠂ ᠨᠡᠶᠢᠭᠡᠮ ᠲᠣᠭᠤᠷᠢᠭ ᠤᠨ 50 ᠭᠠᠷᠤᠶ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ᠂ ︽ᠭᠠᠯ ᠤᠨᠲᠠᠷᠠᠭᠠᠬᠤ ᠰᠣᠷᠢᠯᠲᠠ ᠶᠢ ᠨᠡᠶᠢᠭᠡᠮ ᠲᠣᠭᠤᠷᠢᠭ ᠲᠤ ᠣᠴᠢᠵᠤ ᠠᠮᠤᠷ ᠲᠦᠪᠰᠢᠨ ᠢ ᠣᠶᠢᠯᠠᠭᠠᠬᠤ ᠵᠠᠶ ᠥᠬᠡᠶ︾ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠲᠣᠰ ᠠᠵᠢᠯᠯᠠᠭ᠎ᠠ ᠳᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠢ ᠤᠷᠢᠵᠤ ᠭᠠᠯ ᠤᠨᠲᠠᠷᠠᠭᠠᠬᠤ ᠮᠡᠳᠡᠯᠭᠡ ᠪᠠ ᠰᠣᠷᠢᠯᠲᠠ ᠶᠢᠨ ᠪᠣᠯᠪᠠᠰᠤᠷᠠᠯ ᠬᠢᠯᠭᠡᠵᠡᠶ᠃
         ᠰᠣᠷᠢᠯᠲᠠ ᠡᠬᠢᠯᠡᠬᠦ ᠠᠴᠠ ᠡᠮᠦᠨ᠎ᠡ᠂ ᠪᠠᠭᠰᠢ ᠨᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠳᠤ ᠭᠠᠯ ᠤᠨ ᠠᠶᠤᠯ ᠤᠨ ᠦᠨᠳᠦᠰᠦᠨ ᠶᠡᠷᠦ ᠶᠢᠨ ᠮᠡᠳᠡᠯᠭᠡ᠂ ᠭᠠᠯ ᠭᠠᠷᠬᠤ ᠦᠨᠳᠦᠰᠦᠯᠡᠯ᠂ ᠠᠮᠢ ᠵᠢᠭᠤᠲᠠᠬᠤ ᠦᠨᠳᠦᠰᠦᠨ ᠠᠷᠭ᠎ᠠ ᠶᠢ ᠭᠦᠨᠵᠡᠭᠡᠶ ᠲᠠᠶᠢᠯᠪᠤᠷᠢᠯᠠᠵᠤ ᠥᠭᠭᠦᠭᠰᠡᠨ ᠪᠥᠭᠡᠳ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ ᠵᠥᠪ ᠣᠨᠣᠪᠴᠢᠲᠠᠶ ᠬᠡᠷᠡᠭᠯᠡᠬᠦ ᠲᠤᠬᠠᠶ ᠨᠠᠷᠢᠨ ᠲᠣᠳᠣᠷᠬᠠᠶ ᠦᠵᠡᠭᠦᠯᠦᠯᠭᠡ ᠶᠢ ᠬᠢᠭᠰᠡᠨ ᠪᠠᠶᠢᠨ᠎ᠠ᠃ ᠳᠠᠷᠠᠭ᠎ᠠ ᠨᠢ᠂ ᠲᠤᠬᠠᠢ ᠶᠢᠨ ᠲᠠᠯᠠᠪᠠᠢ ᠳᠤ ᠰᠢᠲᠠᠮᠠᠬᠠᠢ ᠪᠣᠳᠠᠰ ᠤᠨ ᠭᠠᠯ ᠤᠨᠲᠠᠷᠠᠭᠠᠬᠤ ᠰᠣᠷᠢᠯᠲᠠ ᠶᠢ ᠳᠠᠭᠤᠷᠢᠶᠠᠵᠤ ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠠᠵᠢᠯᠲᠠᠳ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠪᠠ ᠪᠡᠶ᠎ᠡ ᠪᠠᠷ ᠢᠶᠠᠨ ᠠᠵᠢᠯᠯᠠᠬᠤ ᠪᠠᠷ ᠳᠠᠮᠵᠢᠨ᠂ ᠭᠠᠯ ᠤᠨᠲᠠᠷᠠᠭᠠᠬᠤ ᠬᠡᠷᠡᠭᠰᠡᠯ ᠢ ᠬᠡᠷᠡᠭᠯᠡᠬᠦ ᠦᠨᠳᠦᠰᠦᠨ ᠠᠷᠭ᠎ᠠ ᠶᠢ ᠪᠣᠯᠪᠠᠰᠤᠷᠠᠩᠭᠤᠢ ᠡᠵᠡᠮᠰᠢᠵᠡᠢ᠃ ᠪᠦᠬᠦ᠋ᠢᠯᠡ ᠰᠣᠷᠢᠯᠲᠠ ᠶᠢᠨ ᠶᠠᠪᠤᠴᠠ ᠳᠤ᠂ ᠪᠦᠬᠦ ᠰᠠᠭᠤᠭᠠᠯᠢ ᠠᠷᠠᠳ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠵᠢᠯᠣᠭᠤᠳᠣᠯᠭ᠎ᠠ ᠶᠢ ᠳᠠᠭᠠᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠦᠭᠰᠡᠨ ᠪᠠᠶᠢᠨ᠎ᠠ᠃ ︽ᠥᠨᠥᠳᠦᠷ ᠭᠠᠯ ᠤᠨᠲᠠᠷᠠᠭᠠᠬᠤ ᠠᠩᠭᠢ ᠶᠢᠨ ᠬᠢᠨ ᠪᠢᠳᠡᠨ ᠳᠤ ᠭᠠᠯ ᠤᠨᠲᠠᠷᠠᠭᠠᠬᠤ ᠰᠣᠷᠢᠯᠲᠠ ᠶᠢ ᠬᠢᠵᠦ ᠥᠭᠬᠦ ᠪᠠᠷ ᠢᠷᠡᠭᠰᠡᠨ ᠶᠤᠮ᠂ ᠪᠢᠳᠡ ᠮᠠᠰᠢ ᠣᠯᠠᠨ ᠮᠡᠳᠡᠯᠭᠡ ᠶᠢ ᠣᠯᠵᠤ ᠮᠡᠳᠡᠭᠰᠡᠨ ᠶᠤᠮ᠂ ᠭᠠᠯ ᠤᠨᠲᠠᠷᠠᠭᠠᠬᠤ ᠠᠵᠢᠯ ᠢ ᠬᠡᠷᠬᠢᠨ ᠬᠢᠭᠰᠡᠨ ᠳᠤ ᠪᠢᠳᠡ ᠲᠦᠢᠯ ᠢᠶᠠᠷ ᠲᠠᠯᠠᠷᠬᠠᠵᠤ ᠪᠠᠶᠢᠨ᠎ᠠ ᡽︾ ᠭᠡᠵᠦ ᠸᠠᠩ ᠬᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠺᠠᠩ ᠰᠢᠤ ᠮᠧᠢ ᠬᠡᠯᠡᠪᠡ᠃
       ᠰᠣᠷᠢᠯᠲᠠ ᠳᠠᠭᠤᠰᠤᠭᠰᠠᠨ ᠤ ᠳᠠᠷᠠᠭ᠎ᠠ ᠠᠵᠢᠯᠲᠠᠳ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠰᠦᠢᠳᠬᠡᠯ ᠬᠤᠷᠢᠶᠠᠬᠤ ᠦᠭᠡᠶ ᠪᠠᠷ ᠲᠦᠭᠡᠭᠡᠨ ᠥᠭᠴᠡᠶ᠃                                                     ᠨᠠᠶᠢᠷᠠᠭᠤᠯᠤᠭᠴᠢ᠄  ᠯᠢ ᠬᠤᠩ ᠢᠦᠢ                                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2