ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 12 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/29
      9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 12 ᠳ᠋ᠤᠭᠠᠷ ᠤᠳᠠᠭᠠᠨ ᠤ ᠠᠵᠢᠯ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠵᠧᠩ ᠶᠠᠨ ᠹᠠᠩ᠂ ᠶᠠᠩ ᠬᠤᠩ᠂ ᠪᠠᠢ ᠯᠢ ᠵᠢᠶᠦ᠋ᠨ᠂ ᡂᠢ ᠶᠦᠩ ᠬᠤᠷᠠᠯ ᠳᠤ ᠣᠷᠣᠯᠴᠠᠪᠠ᠃         ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠠᠴᠠ ᠳᠣᠷᠣᠭᠰᠢ ᠲᠠᠷᠬᠠᠭᠠᠭᠰᠠᠨ ︽ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 32 ᠳ᠋ᠤᠭᠠᠷ ᠤᠳᠠᠭ᠎ᠠ ᠶᠢᠨ ᠬᠤᠷᠠᠯ ᠤᠨ ᠲᠣᠪᠴᠢ ᠲᠡᠮᠳᠡᠭᠯᠡᠯ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ 2022 ᠣᠨ ᠤ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠬᠤ ᠲᠥᠰᠦᠯ᠂ ᠮᠠᠨ ᠤ ᠰᠢᠶᠠᠨ ᠤ 2022 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠤᠷᠢᠳ ᠬᠤᠵᠢᠳ ᠤᠨ ᠪᠠᠶᠢᠩᠭᠤ ᠶᠢᠨ ᠴᠢᠨᠠᠷᠲᠠᠶ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃          ᠵᠧᠩ ᠳ᠋ᠦᠩ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠠᠵᠢᠯ ᠤᠨ ᠲᠤᠰᠬᠠᠢ ᠠᠩᠬᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠪᠣᠯᠤᠨ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠣᠷᠣᠬᠤ ᠶᠢ ᠴᠢᠩᠭ᠎ᠠ ᠰᠡᠷᠭᠡᠶᠢᠯᠡᠵᠦ᠂ ᠬᠢᠵᠢᠭ ᠤᠨ ᠪᠠᠶᠢᠳᠠᠯ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃        ᠵᠧᠩ ᠳ᠋ᠦᠩ ᠫᠢᠩ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠡᠯ᠎ᠡ ᠵᠦᠶ᠋ᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠦᠷᠳᠡᠭᠡ᠂ ᠣᠨᠴᠠᠭᠠᠶᠢᠯᠠᠨ  ᠮᠠᠩᠬᠠᠨ ᠪᠠᠯᠭᠠᠰᠤ ᠶᠢᠨ 512 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠦᠷᠳᠡᠭᠡ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠦᠬᠡᠢ ᠰᠠᠶᠢᠲᠤᠷ ᠬᠢᠬᠦ ᠬᠡᠷᠡᠭᠲᠡᠢ᠃ ᠡᠯ᠎ᠡ ᠠᠵᠢᠯ ᠤᠨ ᠳᠤᠭᠤᠶᠢᠯᠠᠩ᠂ ᠡᠯ᠎ᠡ ᠠᠵᠢᠯ ᠤᠨ ᠲᠤᠰᠬᠠᠶ ᠠᠩᠭᠢ ᠨᠤᠭᠤᠳ ᠲᠣᠰ ᠲᠣᠰ ᠤᠨ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠪᠠᠶᠢᠩᠭᠤ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠳ ᠣᠯᠠᠨ ᠲᠦᠮᠡᠨ ᠤ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠬᠤ ᠬᠠᠮᠢᠶ᠎ᠠ ᠪᠥᠬᠦᠶ ᠤᠬᠠᠭᠤᠯᠭ᠎ᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠯᠵᠢᠬᠦ ᠪᠠ ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠪᠠᠶᠢᠴᠠᠭᠠᠨ ᠵᠢᠯᠣᠭᠤᠳᠬᠤ ᠪᠠᠨ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠵᠢᠯᠣᠭᠤᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠣᠷᠣᠨ ᠪᠠᠶᠢᠷᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠬᠢᠨ ᠪᠠᠶᠢᠴᠠᠭᠠᠵᠤ᠂ ᠳᠠᠬᠢᠨ ᠨᠠᠶᠢᠳᠠᠪᠤᠷᠢᠵᠢᠭᠤᠯᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃        ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2