ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ | ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠤᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠵᠦ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ᠃ | ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ | ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ | ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠲᠤᠬᠠᠢ ᠪᠠᠶᠢᠷᠢᠯᠠᠭᠤᠯᠪᠠ᠃ | ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ | ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ᠃ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ | ᠨᠤᠤᠷᠠᠭ︶︾ ᠢ ᠪᠠᠲᠤᠯᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 26 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠯᠠᠮ ᠨᠢᠭᠡ | ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ | ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ︔ ᠨᠠᠮᠤᠷ ᠤᠨ ᠠᠮᠤ ᠪᠤᠳᠠᠭᠠᠨ ᠤ | ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ | ᠨᠠᠮᠤᠷ ᠤᠨ ᠬᠤᠷᠢᠶᠠᠯᠲᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠪᠠᠷ ᠪᠠᠶᠢᠷᠢᠯᠠᠭᠤᠯᠪᠠ︔ ᠲᠥᠷᠥ ᠶᠢᠨ ᠪᠣᠳᠣᠯᠭ᠎ᠠ ᠪᠠᠷ ᠳᠡᠮᠵᠢᠵᠦ | ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ︔ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ | ᠨᠣᠣᠷᠠᠭ︶︾ ᠢ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠦᠢᠯᠡᠳᠬᠡᠯ ᠤᠨ | ᠦᠢᠯᠡᠰ ᠤᠨ ᠬᠦᠴᠢᠷᠳᠡᠯ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠬᠦᠴᠢᠷᠳᠡᠯ ᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠳᠠᠬᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ | ᠠᠬᠢᠭᠤᠯᠬᠤ ᠬᠡᠷᠡᠭᠲᠡᠢ᠃ ᠳᠥᠷᠪᠡᠳᠦᠭᠡᠷ ᠤᠯᠠᠷᠢᠯ ᠳᠤ ᠪᠠᠰᠠ ᠨᠢᠭᠡ ᠪᠦᠯᠦᠭ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠶᠢ ᠬᠡᠷᠡᠭᠵᠢᠭᠦᠯᠦᠨ᠎ᠡ᠃ ᠨᠢᠭᠡ ᠳᠤ᠂ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ᠂ ᠪᠣᠬᠢᠷ ᠤᠰᠤ | ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠵᠡᠷᠭᠡ 14 ᠵᠦᠢᠯ ᠤᠨ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠰᠦᠢᠳᠬᠡᠯ ᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ | 530 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ | ᠮᠥᠩᠭᠦ ᠬᠤᠷᠢᠶᠠᠬᠤ ᠦᠭᠡᠢ᠃ ᠡᠯ᠎ᠡ ᠭᠠᠵᠠᠷ ᠤᠨ ᠬᠢᠨ ᠤ ᠣᠷᠣᠨ ᠨᠤᠲᠤᠭ ᠤᠨ ᠠᠵᠤ ᠠᠬᠤᠶᠢᠯᠠᠯ ᠳᠤ | ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠬᠤᠶᠢᠰᠢᠯᠠᠭᠤᠯᠤᠨ | ᠲᠤᠰᠢᠶᠠᠬᠤ ᠶᠢ ᠵᠣᠷᠢᠭᠵᠢᠭᠤᠯᠵᠤ᠂ ᠳᠤᠷ᠎ᠠ ᠪᠠᠷ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ | ᠡᠯ᠎ᠡ ᠲᠥᠷᠥᠯ ᠤᠨ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ | ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ ᠪᠠᠷᠤᠭ 630 ᠳ᠋ᠦᠩᠰᠢᠭᠤᠷ ᠲᠥᠭᠦᠷᠢᠭ | ᠪᠣᠯᠣᠨ᠎ᠠ᠃ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ | ᠬᠢᠭᠰᠡᠨ ᠢᠶᠠᠨ ᠵᠠᠪᠠᠯ ᠦᠷ᠎ᠡ ᠳ᠋ᠦᠩ ᠲᠠᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠢᠭ | ᠬᠦᠷᠳᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠵᠤ | ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠣᠯᠠᠨ ᠲᠦᠮᠡᠨ ᠤ | ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠬᠦ ᠳᠤ ᠠᠰᠢᠭᠲᠠᠢ ᠶᠤᠮ ᠭᠡᠵᠡᠢ᠃ | ᠬᠤᠷᠠᠯ ᠠᠴᠠ᠂ ᠨᠢᠭᠡ ᠳᠤ᠂ 187 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠶᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠪᠠ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠷᠬᠤ | ᠬᠡᠪᠴᠢᠶ᠎ᠡ ᠪᠠᠷ ᠥᠷᠭᠡᠨ᠂ ᠭᠦᠢᠴᠡᠳᠬᠡᠬᠦ ᠳᠠᠪᠲᠠᠮᠵᠢ ᠥᠨᠳᠥᠷ 22 ᠵᠦᠢᠯ ᠤᠨ ᠲᠥᠷᠥᠯ ᠵᠦᠢᠯ ᠢ ᠰᠢᠨ᠎ᠡ ᠪᠠᠷ | ᠨᠡᠮᠡᠨ᠎ᠡ᠃ ᠠᠵᠤ ᠠᠬᠤᠶᠢᠯᠠᠯ ᠳᠤ᠂ ᠡᠯᠧᠺᠲᠷᠣᠨ ᠭᠠᠶᠢᠯᠢ ᠲᠤᠰᠢᠶᠠᠬᠤ᠂ ᠭᠠᠶᠢᠯᠢ ᠲᠤᠰᠢᠶᠠᠭᠰᠠᠨ ᠭᠡᠷᠡᠴᠢ ᠪᠢᠴᠢᠵᠦ | ᠥᠭᠬᠦ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠮᠡᠳᠡᠭᠦᠯᠬᠦ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠶᠢ ᠪᠡᠶᠡᠯᠡᠭᠦᠯᠦᠨ᠎ᠡ︔ ᠬᠤᠪᠢ ᠬᠥᠮᠥᠨ ᠳᠤ ᠠᠪᠴᠤ ᠬᠡᠯᠡᠪᠡᠯ᠂ ᠲᠦᠷ ᠴᠠᠭ ᠤᠨ ᠪᠡᠶ᠎ᠡ ᠶᠢᠨ ᠦᠨᠡᠮᠯᠡᠯ ᠠᠪᠬᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠩᠰᠠᠯᠠᠯᠲᠠ ᠪᠠ | ᠬᠠᠷᠠᠭᠠᠯᠵᠠᠯ ᠭᠤᠶᠤᠴᠢᠯᠠᠬᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ | ᠳ᠋ᠦᠩᠨᠡᠨ ᠪᠤᠳᠤᠬᠤ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠬᠤᠶᠠᠷ ᠲᠤ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ | ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠨᠢᠭᠡᠳᠬᠡᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠨᠠᠩ | ᠣᠯᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ | ᠠᠬᠢᠭᠤᠯᠤᠨ᠎ᠠ︔ ᠨᠠᠰᠤᠲᠠᠶᠢᠴᠤᠳ ᠤᠨ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ | ᠬᠡᠷᠡᠭᠵᠢᠭᠦᠯᠦᠨ᠎ᠡ᠃ ᠭᠤᠷᠪᠠ ᠳᠤ᠂ ᠬᠤᠪᠢ ᠬᠥᠮᠥᠨ ᠤ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ | ᠨᠢᠭᠤᠴᠠ ᠶᠢ ᠬᠠᠤᠯᠢ ᠶᠣᠰᠣᠭᠠᠷ ᠬᠠᠮᠠᠭᠠᠯᠠᠨ᠎ᠠ ᠭᠡᠵᠦ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ | ᠨᠠᠮᠤᠷ ᠤᠨ ᠠᠮᠤ ᠪᠤᠳᠠᠭᠠᠨ ᠤ ᠪᠠᠶᠢᠳᠠᠯ ᠠᠴᠠ ᠦᠵᠡᠪᠡᠯ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 1.3 ᠲᠦᠮᠡᠨ | ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ ᠲᠠᠷᠢᠶᠠᠯᠠᠩ ᠤᠨ ᠴᠠᠭ ᠢ | ᠰᠠᠭᠠᠲᠠᠭᠠᠯ ᠦᠭᠡᠢ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠵᠤ᠂ ᠡᠯᠪᠡᠭ ᠬᠤᠷᠢᠶᠠᠯᠲᠠ ᠣᠯᠵᠤ | ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠢ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠵᠤ | ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠰᠢᠨ᠎ᠡ ᠲᠥᠷᠥᠯ | ᠵᠦᠢᠯ ᠤᠨ ᠠᠵᠢᠯ ᠢ ᠡᠬᠢᠯᠡᠭᠦᠯᠦᠨ᠂ ᠵᠢᠯ ᠤᠨ ᠳᠣᠲᠣᠷ᠎ᠠ 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠠᠷ ᠳᠡᠮᠵᠢᠬᠦ᠂ | ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠪᠣᠯᠣᠨ᠎ᠠ᠂ ᠡᠨᠡ ᠨᠢ ᠤᠯᠠᠨ ᠲᠦᠮᠡᠨ ᠤ ᠤᠯᠠᠨ | ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠪᠠᠲᠤᠯᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠠᠰᠢᠭᠲᠠᠢ ᠶᠤᠮ ᠭᠡᠵᠡᠢ᠃ ᠬᠤᠷᠠᠯ ᠠᠴᠠ᠂ ᠲᠥᠷᠥ ᠶᠢᠨ ᠪᠣᠳᠣᠯᠭ᠎ᠠ ᠪᠠᠷ ᠳᠡᠮᠵᠢᠵᠦ ᠪᠠᠶᠢᠭ᠎ᠠ᠂ ᠬᠤᠳᠠᠯᠳᠤᠭᠠᠴᠢᠯᠠᠨ | ᠡᠵᠡᠩᠨᠡᠵᠦ ᠪᠠᠶᠢᠭ᠎ᠠ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠦᠨ᠎ᠡ᠄ ᠳᠠᠷᠤᠢ ᠵᠠᠷᠤᠳᠠᠯ ᠲᠤᠰᠢᠶᠠᠭᠴᠢ ᠠᠴᠠ ᠵᠢᠯ ᠪᠦᠷᠢ | 12000 ᠲᠥᠭᠦᠷᠢᠭ ᠤᠨ ᠬᠢᠵᠠᠭᠠᠷ ᠲᠤᠭ᠎ᠠ ᠪᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠠᠪᠴᠤ᠂ ᠪᠡᠯᠡ | ᠣᠷᠣᠭᠤᠯᠤᠯᠲᠠ ᠶᠢᠨ ᠠᠰᠢᠭ ᠣᠷᠣᠯᠭ᠎ᠠ ᠠᠴᠠ ᠲᠦᠷ ᠭᠠᠶᠢᠯᠢ ᠲᠠᠲᠠᠪᠤᠷᠢᠯᠠᠬᠤ ᠦᠭᠡᠢ᠂ ᠣᠷᠣᠯᠭ᠎ᠠ ᠣᠯᠬᠤ ᠪᠣᠳᠠᠲᠠᠢ | ᠭᠠᠶᠢᠯᠢ ᠶᠢᠨ ᠡᠭᠦᠷᠭᠡᠯᠡᠯ ᠢ 7.5% ᠪᠠᠶᠢᠭᠰᠠᠨ ᠠᠴᠠ 3% ᠪᠣᠯᠭᠠᠨ ᠪᠠᠭᠤᠷᠠᠭᠤᠯᠤᠨ᠎ᠠ᠃ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠪᠣᠯᠲᠠᠯ᠎ᠠ ᠮᠥᠷᠳᠡᠨ | ᠬᠤᠶᠢᠰᠢᠯᠠᠭᠤᠯᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠲᠤ ᠵᠠᠬ᠎ᠠ ᠳᠡᠯᠭᠡᠭᠦᠷ ᠤᠨ ᠭᠤᠣᠯ ᠴᠣᠭᠴᠠ 1.6 | ᠳ᠋ᠦᠩᠰᠢᠭᠤᠷ ᠡᠷᠦᠬᠡ ᠪᠠᠶᠢᠵᠤ᠂ ᠡᠭᠦᠨ ᠤ ᠳᠣᠲᠣᠷ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1.1 | ᠳ᠋ᠦᠩᠰᠢᠭᠤᠷ ᠡᠷᠦᠬᠡ ᠪᠠᠶᠢᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠢᠯ ᠣᠯᠭᠤᠯᠲᠠ ᠶᠢ | ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ | ᠪᠢᠴᠢᠯ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠬᠦ ᠳᠤ ᠥᠪᠡᠷᠮᠢᠴᠡ ᠪᠥᠭᠡᠳ ᠴᠢᠬᠤᠯᠠ ᠦᠢᠯᠡᠳᠦᠯ ᠲᠠᠢ ᠪᠠᠶᠢᠳᠠᠭ | ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠠᠴᠠ ︽ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ | ᠪᠠᠲᠤᠯᠠᠵᠤ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠡᠷᠬᠡ ᠲᠡᠭᠰᠢ ᠬᠠᠷᠠᠭᠠᠯᠵᠠᠯ ᠦᠵᠡᠭᠦᠯᠬᠦ ᠶᠢ | ᠬᠡᠷᠡᠭᠵᠢᠭᠦᠯᠵᠦ᠂ ᠡᠳ᠋ ᠬᠥᠷᠥᠩᠭᠡ ᠶᠢᠨ ᠡᠷᠬᠡ᠂ ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠠᠤᠯᠢ ᠶᠣᠰᠣᠭᠠᠷ | ᠬᠠᠮᠠᠭᠠᠯᠠᠬᠤ ᠶᠢ ᠲᠣᠳᠣᠷᠬᠠᠶᠢᠯᠠᠵᠤ᠂ ᠳᠠᠩᠰᠠᠯᠠᠬᠤ ᠪᠠ ᠭᠠᠶᠢᠯᠢ ᠰᠦᠢᠳᠬᠡᠯ ᠤᠨ ᠮᠥᠩᠭᠦᠨ ᠭᠦᠢᠯᠭᠡᠭᠡᠨ ᠤ ᠳᠡᠮᠵᠢᠯᠭᠡ | ᠦᠵᠡᠭᠦᠯᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠦᠨ᠎ᠡ︔ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ᠂ | ᠶᠠᠮᠠᠷᠪᠠ ᠨᠢᠭᠡᠴᠢ ᠪᠠ ᠬᠤᠪᠢ ᠬᠥᠮᠥᠨ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ | ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |