ᠮᠠᠨ ᠤ ᠰᠢᠶᠠᠨ ᠤ ᠴᠡᠷᠢᠭ ᠠᠴᠠ ᠬᠠᠯᠠᠭᠳᠠᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ | ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠠᠵᠢᠯ ᠢ ᠲᠦᠷᠭᠡᠳᠬᠡᠨ ᠠᠬᠢᠭᠤᠯᠵᠤ᠂ ᠣᠶᠢᠷ᠎ᠠ ᠬᠠᠪᠢ ᠳᠠᠭᠠᠨ | ᠦᠨᠡᠮᠯᠡᠯ ᠠᠪᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠣᠯᠠᠨ ᠲᠠᠯ᠎ᠠ ᠪᠠᠷ ᠵᠣᠬᠢᠴᠠᠭᠤᠯᠵᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ | ᠬᠦᠴᠦᠨ ᠢ ᠲᠠᠲᠠᠵᠤ᠂ ᠬᠤᠩ ᠮᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠲᠤ | ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠴᠣᠩᠬᠤ ᠭᠠᠷᠭᠠᠵᠤ᠂ ᠲᠠᠩᠰᠠ ᠡᠪᠬᠡᠮᠡᠯ ᠪᠠᠶᠢᠭᠤᠯᠤᠨ ᠺᠠᠷᠲᠯᠠᠨ | ᠳᠠᠩᠰᠠᠯᠠᠬᠤ ᠪᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠠᠵᠢᠯ ᠢ ᠭᠦᠢᠴᠡᠳᠭᠡᠵᠦ᠂ ᠴᠡᠷᠢᠭ ᠠᠴᠠ | ᠬᠠᠯᠠᠭᠳᠠᠭᠰᠠᠳ ᠤᠨ ᠤᠶᠢᠯᠡᠴᠢᠯᠡᠭᠡᠨ ᠤ ᠠᠵᠢᠯ ᠤᠨ ᠬᠦᠴᠦᠨ ᠢ ᠦᠨᠡᠨ ᠬᠦ ᠪᠠᠲᠤᠯᠠᠪᠠ᠃ | | | | | | ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠥᠷᠲᠡᠭᠡ ᠳᠤ ᠨᠡᠶᠢᠲᠡ 3 ᠠᠵᠢᠯᠲᠠᠨ ᠳᠣᠭᠢᠷᠠᠭᠤᠯᠵᠤ᠂ | ᠭᠤᠤᠯᠳᠠᠭᠤ ᠬᠤᠩ ᠮᠤᠤ ᠪᠠᠯᠭᠠᠰᠤᠨ ᠤ ᠬᠠᠷᠢᠶ᠎ᠠ ᠲᠣᠭᠤᠷᠢᠭ ᠲᠠᠬᠢ ᠴᠡᠷᠢᠭ ᠠᠴᠠ ᠬᠠᠯᠠᠭᠳᠠᠭᠰᠠᠳ ᠤᠨ ᠡᠷᠬᠡ | ᠠᠰᠢᠭ ᠢ ᠬᠠᠮᠠᠭᠠᠯᠠᠬᠤ᠂ ᠬᠠᠷᠠᠭᠠᠯᠵᠠᠨ ᠲᠡᠳᠬᠦᠬᠦ᠂ ᠠᠵᠢᠯ ᠣᠯᠭᠤᠵᠤ ᠲᠥᠪᠬᠢᠨᠡᠭᠦᠯᠬᠦ᠂ ᠵᠠᠬᠢᠳᠠᠯ ᠰᠤᠷᠪᠤᠯᠵᠢᠯᠠᠭ᠎ᠠ ᠶᠢ | ᠭᠥᠯᠢᠶᠡᠨ ᠠᠪᠬᠤ ᠵᠡᠷᠭᠡ ᠠᠵᠢᠯ ᠢ ᠬᠠᠷᠢᠭᠤᠴᠠᠭᠤᠯᠵᠤ᠂ ᠲᠤᠬᠠᠶᠢᠯᠠᠭᠰᠠᠨ ᠠᠵᠢᠯ ᠤᠨ ᠴᠣᠩᠬᠤ ᠶᠢ ᠲᠤᠰᠬᠠᠶ | ᠬᠥᠮᠦᠨ ᠢᠶᠠᠷ ᠬᠠᠷᠢᠭᠤᠴᠠᠭᠤᠯᠵᠤ᠂ ᠲᠤᠰᠬᠠᠶ ᠺᠣᠮᠫᠢᠦ᠋ᠲ᠋ᠧᠷ ᠪᠠ ᠤᠶᠢᠯᠡᠴᠢᠯᠡᠭᠡᠨ ᠤ ᠯᠠᠪᠯᠠᠯᠲᠠ ᠶᠢᠨ ᠳ᠋ᠢᠶᠠᠩᠬᠤᠸᠠ | ᠵᠢᠴᠢ ᠣᠯᠠᠨ ᠴᠢᠳᠠᠪᠤᠷᠢᠲᠤ ᠳᠠᠷᠤᠮᠠᠯᠯᠠᠯ ᠤᠨ ᠳᠠᠷᠤᠮᠠᠯᠯᠠᠯ ᠤᠨ ᠮᠠᠰᠢᠨ ᠢ ᠳᠣᠭᠢᠷᠠᠭᠤᠯᠪᠠ᠃ ᠡᠭᠦᠨ ᠤ ᠬᠠᠮᠲᠤ | ᠤᠬᠠᠭᠤᠯᠭ᠎ᠠ ᠶᠢᠨ ᠨᠣᠮ ᠤᠨ ᠲᠠᠯᠪᠢᠭᠤᠷ ᠵᠣᠬᠢᠶᠠᠵᠤ᠂ ᠨᠣᠮ ᠤᠨ ᠲᠠᠯᠪᠢᠭᠤᠷ ᠳᠡᠭᠡᠷ᠎ᠡ ᠴᠡᠷᠢᠭ ᠠᠴᠠ | ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠬᠠᠤᠯᠢ ᠴᠠᠭᠠᠵᠠ ᠶᠢᠨ ᠲᠤᠰᠠᠯᠠᠮᠵᠢ᠂ | ᠨᠡᠶᠢᠭᠡᠮ ᠤᠨ ᠠᠪᠤᠷᠠᠨ ᠲᠤᠰᠠᠯᠠᠯᠲᠠ᠂ ᠠᠵᠢᠯ ᠣᠯᠵᠤ ᠦᠶ᠋ᠯᠡᠰ ᠴᠣᠭᠴᠠᠯᠠᠬᠤ ᠵᠡᠷᠭᠡ ᠤᠬᠠᠭᠤᠯᠭ᠎ᠠ ᠶᠢᠨ | ᠮᠠᠲ᠋ᠧᠷᠢᠶᠠᠯ ᠢ ᠲᠠᠯᠪᠢᠵᠤ ᠴᠡᠷᠢᠭ ᠠᠴᠠ ᠬᠠᠯᠠᠭᠳᠠᠭᠰᠠᠳ ᠤᠨ ᠰᠤᠷᠤᠯᠴᠠᠯᠭ᠎ᠠ ᠳᠤ ᠵᠣᠷᠢᠭᠤᠯᠪᠠ᠃ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠠᠵᠢᠯᠲᠠᠳ ᠦᠢᠯᠡᠴᠢᠯᠡᠬᠦ ᠡᠲᠡᠭᠡᠳ ᠲᠡᠭᠡᠨ ᠴᠡᠷᠢᠭ ᠠᠴᠠ | ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠳᠤ ᠬᠡᠷᠡᠭᠰᠡᠬᠦ ᠬᠠᠮᠢᠶ᠎ᠠ ᠪᠦᠬᠦᠢ ᠮᠠᠲ᠋ᠧᠷᠢᠶᠠᠯ ᠢ | ᠨᠠᠷᠢᠨ ᠲᠣᠳᠣᠷᠬᠠᠶ ᠮᠡᠳᠡᠭᠳᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠳᠤᠷᠠᠳᠤᠭᠰᠠᠨ ᠬᠤᠯᠪᠣᠭᠳᠠᠯ ᠪᠥᠬᠦᠶ | ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠬᠤ ᠳᠠᠭᠠᠨ᠂ ᠲᠤᠬᠠᠶᠢᠯᠠᠭᠰᠠᠨ ᠠᠵᠢᠯ ᠡᠷᠭᠢᠯᠡᠬᠦ ᠪᠠᠷ ᠢᠷᠡᠭᠰᠡᠨ | ᠴᠡᠷᠢᠭ ᠤᠨ ᠠᠯᠪᠠᠨ ᠠᠴᠠ ᠪᠠᠭᠤᠭᠰᠠᠳ ᠭᠤᠤ ᠯᠸᠢ ᠰᠤᠷᠪᠤᠯᠵᠢᠯᠠᠭᠴᠢ ᠳᠤ᠄ ︽ᠴᠡᠷᠢᠭ ᠤᠨ ᠠᠯᠪᠠᠨ ᠠᠴᠠ | ᠪᠠᠭᠤᠭᠰᠠᠳ ᠤᠨ ᠦᠶ᠋ᠯᠡᠴᠢᠯᠡᠭᠡᠨ ᠤ ᠴᠣᠩᠬᠤ ᠶᠢ ᠭᠠᠷᠭᠠᠬᠤ ᠪᠠᠷ ᠳᠡᠮᠵᠢᠨ᠂ ᠮᠠᠨ ᠤ ᠴᠡᠷᠢᠭ ᠤᠨ ᠠᠯᠪᠠᠨ ᠠᠴᠠ | ᠪᠠᠭᠤᠭᠰᠠᠳ ᠤᠴᠢᠷ ᠶᠠᠪᠤᠳᠠᠯ ᠰᠢᠢᠳᠪᠤᠷᠢᠯᠡᠬᠦ ᠳᠤ ᠮᠠᠰᠢ ᠲᠥᠬᠦᠮ ᠪᠣᠯᠵᠠᠶ᠂ ᠠᠵᠢᠯᠲᠠᠳ ᠴᠤ ᠨᠠᠳᠠ ᠳᠤ ᠠᠯᠬᠤᠮ | ᠳᠠᠷᠠᠭ᠎ᠠ ᠶᠢ ᠮᠠᠰᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠪᠢᠳᠡᠨ ᠳᠤ ᠦᠨᠡᠬᠡᠷ ᠮᠠᠰᠢ ᠶᠡᠭᠡ ᠲᠥᠬᠦᠮ | ᠦᠵᠡᠭᠦᠯᠦᠭᠰᠡᠨ ᠪᠥᠭᠡᠳ ᠪᠢᠳᠡᠨ ᠳᠤ ᠴᠦ ᠪᠠᠭ᠎ᠠ ᠪᠤᠰᠤ ᠴᠠᠭ ᠠᠷᠪᠢᠯᠠᠵᠤ ᠥᠭᠭᠦᠭᠰᠡᠨ ᠶᠤᠮ︾ ᠭᠡᠵᠡᠶ᠃ | | | | | | | | | | | | ᠠᠵᠢᠯᠲᠠᠳ ᠪᠠᠰᠠ ᠬᠠᠷᠠᠭᠠᠯᠵᠠᠯ ᠤᠨ ᠦᠨᠡᠮᠯᠡᠯ ᠠᠪᠬᠤ ᠪᠠᠷ ᠢᠷᠡᠭᠰᠡᠨ ᠴᠡᠷᠢᠭ ᠠᠴᠠ ᠬᠠᠯᠠᠭᠳᠠᠭᠰᠠᠳ ᠲᠤ | ᠬᠠᠷᠠᠭᠠᠯᠵᠠᠯ ᠤᠨ ᠦᠨᠡᠮᠯᠡᠯ ᠠᠪᠬᠤ ᠳᠤ ᠬᠡᠷᠡᠭᠰᠡᠬᠦ ᠡᠯᠧᠺᠲᠷᠣᠨ ᠬᠡᠷᠡᠯ ᠵᠢᠷᠤᠭ ᠢ ᠰᠤᠶᠢᠳᠭᠡᠯ ᠬᠤᠷᠢᠶᠠᠬᠤ | ᠥᠬᠡᠶ ᠪᠠᠷ ᠰᠡᠭᠦᠳᠡᠷᠯᠡᠨ ᠥᠭᠴᠦ᠂ ᠦᠨᠡᠮᠯᠡᠯ ᠰᠢᠷᠪᠢᠬᠦ᠂ ᠰᠢᠰᠲ᠋ᠧᠮ ᠲᠠᠢ ᠣᠷᠣᠭᠤᠯᠬᠤ ᠵᠡᠷᠭᠡ ᠨᠢᠭᠡ ᠯᠡ | ᠥᠷᠲᠡᠭᠡᠨ ᠤ ᠮᠠᠶ᠋ᠢᠭ ᠤᠨ ᠰᠢᠯᠢᠳᠡᠭ ᠤᠶᠢᠯᠡᠴᠢᠯᠡᠭᠡ ᠬᠠᠩᠭᠠᠵᠤ᠂ ᠳᠡᠩᠰᠡᠯᠡᠨ ᠺᠠᠷᠲᠯᠠᠬᠤ ᠪᠠ ᠬᠠᠷᠠᠭᠠᠯᠵᠠᠯ ᠤᠨ | ᠦᠨᠡᠮᠯᠡᠯ ᠠᠪᠬᠤ ᠶᠢ ᠵᠡᠷᠭᠡ ᠪᠠᠷ ᠶᠠᠪᠤᠭᠳᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠲᠤᠬᠠᠶᠢᠯᠠᠭᠰᠠᠨ ᠠᠵᠢᠯ ᠢᠶᠠᠨ | ᠭᠦᠢᠴᠡᠳᠭᠡᠬᠦ ᠶᠢ ᠬᠦᠯᠢᠶᠡᠬᠦ ᠴᠠᠭ ᠢ ᠪᠠᠭᠠᠰᠬᠠᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠲᠣᠰ | ᠪᠡᠶ᠎ᠡ ᠶᠢᠨ ᠡᠷᠬᠡ ᠠᠰᠢᠭ ᠢ ᠦᠨᠡᠨ ᠬᠦ ᠪᠠᠲᠤᠯᠠᠭᠰᠠᠨ ᠪᠠᠶᠢᠨ᠎ᠠ᠃ ᠴᠣᠩᠬᠤᠨ ᠤ ᠠᠵᠢᠯᠲᠠᠨ ᠰᠦᠨ ᠰᠢᠶᠠᠩ ᠵᠢᠤᠸᠠᠨ᠄ | ︽ᠲᠠᠷᠠᠭᠠᠴᠢ ᠶᠢᠨ ᠠᠯᠬᠤᠮ ᠳᠤ᠂ ᠮᠠᠨ ᠤ ᠬᠤᠩ ᠮᠤᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ | ᠤᠶᠢᠯᠡᠴᠢᠯᠡᠭᠡᠨ ᠤ ᠥᠷᠲᠡᠭᠡ ᠦᠷᠭᠦᠯᠵᠢᠯᠡᠨ ᠴᠡᠷᠢᠭ ᠠᠴᠠ ᠬᠠᠯᠠᠭᠳᠠᠭᠰᠠᠳ ᠲᠤ ᠰᠢᠯᠢᠳᠡᠭ ᠤᠶᠢᠯᠡᠴᠢᠯᠡᠭᠡ | ᠬᠠᠩᠭᠠᠵᠤ᠂ ᠴᠡᠷᠢᠭ ᠠᠴᠠ ᠬᠠᠯᠠᠭᠳᠠᠭᠰᠠᠳ ᠲᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠢᠷᠠᠭᠤ ᠠᠯᠳᠠᠷ ᠤᠨ | ᠲᠥᠷᠥᠭᠳᠡᠯ ᠣᠯᠭᠤᠨ᠎ᠠ︾ ᠭᠡᠵᠡᠶ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |