ᠡᠳᠦᠷ ᠬᠤᠨᠤᠭ ᠥᠩᠭᠡᠷᠡᠨ ᠣᠳᠴᠤ᠂ ᠠᠭᠱᠠᠨ ᠵᠠᠭᠤᠷ᠎ᠠ ᠨᠢᠭᠡᠨᠲᠡ ᠭᠤᠷᠪᠠᠨ ᠵᠢᠯ ᠤᠨ ᠬᠤᠭᠤᠴᠠᠭ᠎ᠠ ᠶᠢ | ᠥᠩᠭᠡᠷᠡᠭᠡᠪᠡ᠃ ᠭᠤᠷᠪᠠᠨ ᠵᠢᠯ ᠤᠨ ᠳᠣᠲᠣᠷ᠎ᠠ᠂ ᠪᠢ ᠲᠣᠰᠬᠤᠨ ᠤ ᠺᠣᠮᠫᠢᠦ᠋ᠲ᠋ᠧᠷ ᠤᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠬᠡᠷᠡᠭᠯᠡᠵᠦ᠂ ᠦᠰᠦᠭ ᠪᠢᠴᠢᠭ ᠢ ᠪᠢᠴᠢᠵᠦ᠂ ᠬᠦᠰᠦᠨᠦᠭᠲᠦ ᠶᠢ ᠳᠡᠭᠡᠭᠰᠢ ᠮᠡᠳᠡᠭᠦᠯᠳᠡᠭ ︽ | ᠡᠷᠬᠢᠯᠡᠭᠴᠢ ᠶᠢᠨ ᠲᠤᠰᠠᠯᠠᠭᠴᠢ︾ ᠪᠠᠶᠢᠵᠠᠢ︔ ᠪᠠᠯᠭᠠᠰᠤᠨ ᠤ ᠵᠠᠰᠠᠭ ᠤᠨ ᠶᠠᠪᠤᠳᠠᠯ ᠤᠨ ᠠᠯᠪᠠᠯᠠᠬᠤ᠂ ᠬᠤᠷᠠᠯ ᠢ | ᠵᠣᠬᠢᠴᠠᠭᠤᠯᠬᠤ᠂ ᠣᠯᠠᠨ ᠲᠦᠮᠡᠨ ᠤ ᠠᠰᠠᠭᠤᠨ ᠯᠠᠪᠯᠠᠭᠰᠠᠨ ᠢ ᠬᠠᠷᠢᠭᠤᠯᠬᠤ ︽ᠦᠢᠯᠡᠴᠢᠯᠡᠭᠴᠢ︾ ᠮᠥᠨ︔ | ᠴᠢᠳᠠᠯ ᠤᠨ ᠬᠢᠷᠢ ᠪᠠᠷ ᠢᠶᠠᠨ ︽ᠬᠤᠶᠠᠷ ᠥᠮᠡᠨ︾ ᠳᠤ ᠨᠡᠷᠪᠡᠭᠳᠡᠭᠰᠡᠳ ᠲᠤ ᠠᠪᠤᠷᠠᠨ ᠲᠤᠰᠠᠯᠠᠯᠲᠠ ᠤᠯᠬᠤ ︽ | ᠡᠮᠡᠭᠲᠡᠶ ᠠᠵᠢᠯᠲᠠᠨ︾ ᠮᠥᠨ︔ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠣᠷᠣᠯᠴᠠᠵᠤ᠂ ᠣᠷᠣᠨ ᠤ ᠬᠤᠪᠢᠶᠠᠷᠢ ᠶᠢᠨ ᠵᠢᠷᠤᠭ ᠢ ᠪᠡᠶ᠎ᠡ ᠪᠠᠷ ᠢᠶᠠᠨ ᠵᠢᠷᠤᠭᠰᠠᠨ ︽ᠨᠡᠶᠢᠳᠡᠮ | ᠪᠠᠶᠢᠴᠠᠭᠠᠭᠴᠢ︾ ᠪᠣᠯᠤᠨ᠎ᠠ︔ ᠡᠨᠡ ᠪᠣᠯ ᠬᠢᠵᠢᠭ ᠤᠨ ᠡᠬᠢᠨ ᠤ ᠬᠤᠭᠤᠴᠠᠭᠠᠨ ᠳᠤ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠤᠨ ᠬᠢᠵᠢᠭ ᠢ ᠡᠰᠡᠷᠭᠦᠴᠡᠬᠦ ᠡᠩᠨᠡᠭᠡᠨ ᠤ ︽ᠬᠢᠵᠢᠭ ᠰᠡᠷᠭᠡᠶᠢᠯᠡᠭᠴᠢ︾ ᠮᠥᠨ ᠃ ᠮᠥᠨ ᠴᠦ | ᠮᠠᠶᠢᠬᠤᠳᠤ ᠪᠠᠯᠭᠠᠰᠤᠨ ᠤ ᠦᠯᠢᠭᠡᠷ ᠢ ᠰᠠᠶᠢᠬᠠᠨ ᠶᠠᠷᠢᠳᠠᠭ ︽ᠲᠠᠶᠢᠯᠪᠤᠷᠢᠯᠠᠭᠴᠢ︾ ᠪᠣᠯᠤᠨ᠎ᠠ᠃ ᠬᠥᠭᠵᠢᠯ | ᠪᠠᠳᠠᠷᠠᠯ ᠲᠠᠢ ᠦᠶ᠎ᠡ ᠲᠣᠬᠢᠶᠠᠯᠳᠤᠪᠠᠯ ᠬᠥᠭᠵᠢᠯ ᠪᠠᠳᠠᠷᠠᠯ ᠢ ᠬᠥᠰᠡᠷᠳᠡᠭᠦᠯᠬᠦ ᠦᠭᠡᠢ᠂ ᠦᠨᠳᠦᠰᠦᠨ ᠱᠠᠲᠤᠨ ᠳᠤ | ᠠᠵᠢᠯᠯᠠᠪᠠᠯ ᠤᠯᠠᠨ ᠲᠦᠮᠡᠨ ᠢ ᠬᠥᠰᠡᠷᠳᠡᠭᠦᠯᠬᠦ ᠦᠭᠡᠢ᠂ ᠰᠢᠨ᠎ᠡ ᠴᠠᠭ ᠦᠶ᠎ᠡ ᠶᠢᠨ ᠰᠣᠩᠭᠤᠨ ᠰᠢᠯᠵᠢᠭᠦᠯᠬᠦ | ᠰᠤᠷᠤᠭᠴᠢ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ | ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠭᠡᠳᠡᠭ ᠢ ᠪᠢ ᠭᠦᠨ ᠣᠶᠢᠯᠠᠭᠠᠵᠤ ᠪᠠᠶᠢᠨ᠎ᠠ᠂ ᠡᠭᠦᠨ ᠤ | ᠲᠥᠯᠥᠭᠡ ᠪᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ | ᠲᠦᠮᠡᠨ ᠳᠤ ᠦᠢᠯᠡᠴᠢᠯᠡᠬᠦ ᠪᠣᠳᠠᠲᠤ ᠦᠢᠯᠡᠳᠦᠯᠭᠡ ᠳᠤ ᠣᠷᠣᠯᠴᠠᠨ᠎ᠠ᠃ | | | | | | ᠨᠢᠭᠡ᠂ ᠦᠨᠳᠦᠰᠦᠨ ᠱᠠᠲᠤᠨ ᠳᠤ ᠦᠨᠳᠦᠰᠦᠯᠡᠵᠦ᠂ ︽ᠦᠷ᠎ᠡ ᠨᠠᠬᠢᠶ᠎ᠠ ᠶᠢ ᠳᠣᠳᠣᠮᠳᠠᠬᠤ︾ ᠠᠵᠢᠯ ᠢ | ᠰᠠᠶᠢᠲᠤᠷ ᠬᠢᠬᠦ ᠬᠡᠷᠡᠭᠲᠡᠶ | ᠮᠣᠳᠣᠨ ᠤ ᠥᠨᠳᠥᠷ ᠮᠢᠩᠭᠠᠨ ᠲᠤᠬᠤᠢ ᠨᠢ ᠭᠦᠨ ᠦᠨᠳᠦᠰᠦ ᠬᠠᠳᠬᠤᠬᠤ ᠳᠤ ᠲᠦᠰᠢᠭᠯᠡᠨ᠎ᠡ︔ ᠢᠲᠡᠭᠡᠯ | ᠪᠠᠲᠤ ᠪᠠᠶᠢᠬᠤ ᠳᠤ ᠦᠵᠡᠯ ᠰᠠᠨᠠᠭᠠᠨ ᠤ ᠦᠨᠳᠦᠰᠦ ᠰᠠᠭᠤᠷᠢ ᠲᠠᠢ ᠪᠠᠶᠢᠬᠤ ᠬᠡᠷᠡᠭᠲᠡᠢ᠃ ᠶᠡᠭᠡ ᠰᠤᠷᠭᠠᠭᠤᠯᠢ ᠶᠢᠨ | ᠬᠢᠴᠢᠶᠡᠯ ᠤᠨ ᠲᠠᠩᠬᠢᠮ ᠠᠴᠠ ᠦᠢᠯᠡᠴᠢᠯᠡᠭᠡᠨ ᠤ ᠲᠣᠰᠬᠤᠨ ᠪᠠᠯᠭᠠᠰᠤᠨ ᠳᠤ ᠢᠷᠡᠵᠦ᠂ ᠲᠤᠰᠬᠠᠶ ᠮᠡᠷᠭᠡᠵᠢᠯ ᠤᠨ ᠨᠡᠷ᠎ᠡ | ᠲᠣᠮᠢᠶ᠎ᠠ ᠨᠢ ᠭᠡᠷ ᠤᠨ ᠠᠬᠠᠮᠠᠳ ᠪᠣᠯᠵᠤ᠂ ᠭᠠᠷ ᠲᠠᠬᠢ ᠰᠢᠨᠵᠢᠯᠡᠭᠡᠨ ᠤ ᠰᠠᠯᠠᠭ᠎ᠠ ᠶᠢᠨ ᠨᠣᠮ ᠪᠢᠴᠢᠭ ᠢ ᠦᠨᠳᠦᠰᠦᠨ | ᠱᠠᠲᠤᠨ ᠤ ᠵᠠᠰᠠᠯᠲᠠ ᠪᠣᠯᠭᠠᠨ ᠬᠤᠪᠢᠷᠠᠭᠤᠯᠵᠤ᠂ ᠲᠣᠮᠢᠶ᠎ᠠ ᠪᠠᠷ ᠰᠢᠢᠳᠪᠤᠷᠢᠯᠡᠵᠦ ᠳᠡᠶᠢᠯᠬᠦ ᠵᠥᠷᠢᠴᠡᠯ ᠭᠡᠵᠦ ᠨᠢᠭᠡ | ᠴᠦ ᠪᠠᠶᠢᠬᠤ ᠦᠭᠡᠢ᠂ ᠲᠤᠷᠰᠢᠯᠲᠠ ᠪᠠᠷ ᠦᠵᠡᠭᠦᠯᠵᠦ ᠳᠡᠶᠢᠯᠬᠦ ᠠᠰᠠᠭᠤᠳᠠᠯ ᠭᠡᠵᠦ ᠨᠢᠭᠡ ᠴᠦ ᠪᠠᠶᠢᠬᠤ ᠦᠭᠡᠢ᠂ ᠪᠢ | ᠥᠪᠡᠷ ᠤᠨ ᠦᠨᠳᠦᠰᠦᠨ ᠱᠠᠲᠤᠨ ᠤ ᠠᠵᠢᠯ ᠤᠨ ᠴᠢᠳᠠᠪᠤᠷᠢ ᠬᠦᠷᠦᠯᠴᠡᠬᠦ ᠦᠭᠡᠢ ᠪᠠᠶᠢᠬᠤ ᠪᠠᠨ ᠭᠦᠨ ᠣᠶᠢᠯᠠᠭᠠᠵᠤ᠂ | ᠰᠠᠨᠠᠭᠠᠴᠢᠯᠠᠭ᠎ᠠ ᠠᠴᠠ ᠪᠠᠨ ᠰᠤᠷᠤᠯᠴᠠᠨ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠶᠢ ᠰᠦᠪᠡᠭᠴᠢᠯᠡᠵᠦ᠂ | ᠤᠯᠠᠨ ᠲᠦᠮᠡᠨ ᠲᠠᠢ ᠬᠠᠷᠢᠴᠠᠭ᠎ᠠ ᠪᠠᠨ ᠣᠶᠢᠷᠠᠲᠤᠭᠤᠯᠬᠤ ᠠᠷᠭ᠎ᠠ ᠮᠠᠶ᠋ᠢᠭ ᠢ ᠵᠢᠭᠠᠯᠭᠠᠵᠤ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠤᠷ᠎ᠠ ᠳᠡᠮ ᠢ ᠰᠤᠷᠤᠯᠴᠠᠵᠤ᠂ ᠭᠠᠭᠴᠠᠭᠠᠷ ᠢᠶᠠᠨ ᠨᠢᠭᠡ ᠲᠠᠯ᠎ᠠ ᠶᠢ ᠬᠠᠷᠢᠭᠤᠴᠠᠵᠤ | ᠳᠡᠶᠢᠯᠬᠦ ᠺᠠᠳ᠋ᠷ ᠪᠣᠯᠬᠤ ᠪᠠᠷ ᠴᠢᠷᠮᠠᠶᠢᠨ᠎ᠠ᠃ ᠨᠠᠳᠠ ᠠᠴᠠ ᠲᠦᠷᠦ ᠶᠢᠨ ᠪᠤᠳᠤᠯᠭ᠎ᠠ ᠪᠠ ᠤᠴᠢᠷ ᠶᠠᠪᠤᠳᠠᠯ ᠢ ᠠᠰᠠᠭᠤᠵᠤ | ᠪᠠᠶᠢᠭ᠎ᠠ ᠲᠣᠰᠬᠤᠨ ᠤ ᠠᠷᠠᠳ ᠤᠨ ᠡᠮᠦᠨ᠎ᠡ᠂ ᠪᠢ ᠴᠢᠳᠠᠬᠤ ᠶᠢᠨ ᠬᠢᠷᠢ ᠪᠠᠷ ᠬᠠᠷᠢᠭᠤᠯᠲᠠ ᠥᠭᠬᠦ ᠶᠢᠨ ᠬᠠᠮᠲᠤ | ᠰᠢᠢᠳᠪᠦᠷᠢᠯᠡᠬᠦ ᠠᠷᠭ᠎ᠠ ᠵᠠᠮ ᠢ ᠮᠡᠳᠡᠭᠳᠡᠵᠦ᠂ ᠢᠨᠢᠶᠡᠮᠰᠦᠭᠯᠡᠨ ᠦᠢᠯᠡᠴᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠰᠠᠶᠢᠨ ᠰᠠᠶᠢᠬᠠᠨ ᠣᠪᠣᠷ ᠢᠶᠠᠷ ᠬᠦᠯᠢᠴᠡᠩᠭᠦᠢ ᠪᠠᠷ ᠬᠠᠷᠢᠭᠤᠯᠲᠠ ᠥᠭᠴᠦ ᠤᠯᠠᠨ ᠲᠦᠮᠡᠨ ᠢ ᠨᠡᠩ ᠬᠠᠨᠤᠮᠵᠢᠲᠠᠢ | ᠪᠣᠯᠭᠠᠨ᠎ᠠ᠃ | ᠦᠨᠳᠦᠰᠦᠨ ᠱᠠᠲᠤᠨ ᠤ ᠠᠵᠢᠯ ᠳᠤ ᠰᠠᠭᠤᠷᠢᠯᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠨ᠎ᠡ | ᠃ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠪᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ | ᠳᠦᠷᠢᠮ ᠢ ᠪᠠᠶᠢᠩᠭᠤ ᠰᠤᠷᠤᠯᠴᠠᠳᠠᠭ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠬᠥᠮᠦᠵᠢᠭᠦᠯᠵᠦ᠂ ᠠᠶᠢᠯ | ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠪᠠᠨ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ | ᠠᠵᠢᠯᠯᠠᠭ᠎ᠠ ᠥᠷᠨᠢᠭᠦᠯᠬᠦ ᠶᠠᠪᠤᠴᠠ ᠳᠤ ᠵᠣᠬᠢᠶᠠᠨ ᠪᠠᠶᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠳᠦᠷ | ᠲᠤᠲᠤᠮ ᠤᠨ ᠠᠵᠢᠯ ᠤᠨ ᠳᠤᠮᠳᠠ ᠪᠠᠨ ᠠᠵᠢᠯᠯᠠᠬᠤ ᠠᠷᠭ᠎ᠠ ᠪᠠᠨ ᠳ᠋ᠦᠩᠨᠡᠵᠦ᠂ ᠠᠷᠠᠳ ᠤᠨ ᠰᠠᠨᠠᠭᠠᠰᠢᠷᠠᠯ ᠢ | ᠰᠢᠢᠳᠪᠦᠷᠢᠯᠡᠬᠦ ᠳᠤᠮᠳᠠ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤᠳᠬᠠᠵᠤ᠂ ᠠᠬᠠᠮᠠᠳ ᠺᠠᠳ᠋ᠷᠴᠤᠳ ᠤᠨ | ᠪᠣᠷᠣᠭᠵᠢᠭᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠤᠷᠤᠯᠴᠠᠵᠦ᠂ ᠠᠬᠠᠮᠠᠳ ᠨᠠᠮ ᠤᠨ ᠭᠡᠰᠢᠭᠦᠨ ᠤ ᠪᠣᠳᠠᠲᠠᠢ ᠶᠢ | ᠡᠷᠬᠢᠮᠯᠡᠬᠦ ᠠᠵᠢᠯ ᠤᠨ ᠰᠤᠷᠲᠠᠯ ᠢ ᠰᠤᠷᠤᠯᠴᠠᠵᠦ᠂ ᠤᠳᠤᠷᠢᠳᠬᠤ ᠺᠠᠳ᠋ᠷᠴᠤᠳ ᠤᠨ ᠶᠡᠭᠡ ᠲᠠᠯ᠎ᠠ ᠶᠢ ᠶᠡᠷᠦᠩᠬᠡᠶᠢᠯᠡᠨ | ᠵᠢᠯᠣᠭᠤᠳᠬᠤ ᠶᠢ ᠰᠤᠷᠤᠯᠴᠠᠵᠦ᠂ ᠶᠠᠳᠠᠭᠤ ᠶᠢ ᠲᠡᠳᠬᠦᠬᠦ ᠲᠤᠰᠬᠠᠢ ᠺᠠᠳ᠋ᠷᠴᠤᠳ ᠤᠨ ᠯᠠᠪᠳᠠᠭᠤᠨ ᠪᠠᠲᠤᠲᠠᠢ ᠰᠢᠷᠭᠠᠭᠤ | ᠠᠵᠢᠯᠯᠠᠬᠤ ᠶᠢ ᠰᠤᠷᠤᠯᠴᠠᠵᠦ᠂ ᠬᠤᠶᠠᠷ ᠵᠥᠪᠯᠡᠯ ᠤᠨ ᠺᠠᠳ᠋ᠷᠴᠤᠳ ᠤᠨ ᠨᠠᠷᠢᠨ ᠬᠢᠨᠠᠮᠠᠭᠠᠢ ᠬᠠᠷᠢᠭᠤᠴᠠᠬᠤ ᠶᠢ | ᠰᠤᠷᠤᠯᠴᠠᠵᠦ᠂ ᠡᠭᠦᠨ ᠢᠶᠠᠷ ᠥᠪᠡᠷ ᠤᠨ ᠶᠡᠷᠦᠩᠬᠡᠢ ᠬᠡᠪ ᠴᠢᠨᠠᠷ ᠢᠶᠠᠨ ᠳᠡᠭᠡᠭᠰᠢᠯᠡᠭᠦᠯᠵᠦ᠂ ᠥᠪᠡᠷ ᠤᠨ ᠤᠯᠠᠨ | ᠲᠦᠮᠡᠨ ᠳᠤ ᠦᠢᠯᠡᠴᠢᠯᠡᠬᠦ ᠴᠢᠳᠠᠪᠤᠷᠢ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ᠃ | ᠲᠣᠰᠬᠤᠨ ᠳᠤ ᠪᠠᠶᠢᠬᠤ ᠳᠠᠭᠠᠨ ᠪᠢ ᠳᠡᠭᠡᠳᠦ ᠱᠠᠲᠤᠨ ᠤ ︽ᠢᠳᠡᠬᠦ ᠬᠤᠨᠣᠬᠤ ᠲᠣᠰᠬᠤᠨ ᠳᠤ ᠪᠠᠶᠢᠬᠤ᠂ | ᠠᠵᠢᠯᠯᠠᠬᠤ ᠨᠢ ᠲᠣᠰᠬᠤᠨ ᠳᠤ ᠪᠠᠶᠢᠬᠤ᠂ ᠠᠮᠢᠳᠤᠷᠠᠬᠤ ᠨᠢ ᠲᠣᠰᠬᠤᠨ ᠳᠤ ᠪᠠᠶᠢᠬᠤ︾ ᠠᠵᠢᠯ ᠤᠨ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠶᠢ ᠦᠨᠳᠦᠰᠦᠨ ᠲᠤᠬᠠᠶᠢᠯᠠᠭᠰᠠᠨ | ᠠᠵᠢᠯ ᠢᠶᠠᠨ ᠪᠣᠯᠭᠠᠵᠤ᠂ ᠲᠣᠰᠬᠤᠨ ᠤ ᠳᠠᠷᠤᠭ᠎ᠠ ᠪᠣᠯᠤᠨ ︽ᠬᠤᠶᠠᠷ ᠵᠥᠪᠯᠡᠯ︾ ᠤᠨ ᠺᠠᠳ᠋ᠷ ᠤᠨ ᠲᠠᠭᠠᠭᠤᠯᠭ᠎ᠠ | ᠳᠣᠣᠷ᠎ᠠ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠵᠦ ᠭᠡᠷ ᠪᠦᠯᠢ ᠶᠢᠨ ᠪᠠᠶᠢᠳᠠᠯ᠂ ᠠᠵᠤ ᠦᠢᠯᠡᠰ ᠤᠨ | ᠣᠷᠣᠯᠭ᠎ᠠ᠂ ᠡᠳ᠋ᠯᠡᠬᠦ ᠲᠦᠷᠦ ᠶᠢᠨ ᠪᠤᠳᠤᠯᠭ᠎ᠠ᠂ ᠬᠦᠴᠢᠷᠳᠡᠯ ᠳᠤᠲᠠᠭᠤᠳᠠᠯ᠂ ᠰᠠᠨᠠᠯ ᠱᠠᠭᠠᠷᠳᠠᠯᠭ᠎ᠠ ᠶᠢ ᠤᠢᠢᠯᠠᠭᠠᠨ | ᠲᠡᠮᠳᠡᠭᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠲᠣᠰᠬᠤᠨ ᠤ ᠠᠷᠠᠳ ᠤᠨ ᠠᠰᠠᠭᠤᠳᠠᠯ ᠢ ᠰᠢᠢᠳᠪᠦᠷᠢᠯᠡᠪᠡ | ᠃ ᠲᠣᠰᠬᠤᠨ ᠤ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ᠂ ᠠᠮᠢᠳᠤᠷᠠᠯ ᠤᠨ ᠡᠳ᠋ ᠪᠣᠳᠠᠰ᠂ ᠠᠵᠤ | ᠦᠢᠯᠡᠰ ᠤᠨ ᠬᠥᠭᠵᠢᠯᠲᠡ᠂ ᠰᠤᠷᠭᠠᠨ ᠬᠥᠮᠦᠵᠢᠯ ᠰᠤᠷᠤᠯᠴᠠᠯᠭ᠎ᠠ᠂ ᠡᠮ ᠡᠮᠨᠡᠯᠭᠡ ᠶᠢᠨ ᠠᠪᠤᠷᠠᠨ ᠵᠠᠰᠠᠯᠲᠠ ᠵᠡᠷᠭᠡ | ᠪᠠᠶᠢᠳᠠᠯ ᠢ ᠣᠶᠢᠯᠠᠭᠠᠵᠤ᠂ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠨᠥᠬᠦᠪᠥᠷᠢ ᠣᠯᠭᠤᠭᠰᠠᠨ ᠪᠠᠶᠢᠳᠠᠯ ᠢ | ᠬᠢᠨᠠᠨ ᠬᠠᠷᠭᠤᠭᠤᠯᠵᠤ᠂ ᠬᠦᠴᠢᠷᠳᠡᠯ ᠲᠠᠢ ᠭᠠᠴᠠᠭᠠᠨ ᠤ ᠠᠷᠠᠳ ᠢ ᠬᠠᠪᠰᠤᠷᠤᠨ ᠬᠠᠷᠢᠯᠴᠠᠵᠤ ᠠᠪᠤᠷᠠᠨ | ᠲᠤᠰᠠᠯᠠᠭᠤᠯᠬᠤ ᠪᠠᠷ ᠭᠤᠶᠤᠴᠢᠯᠠᠵᠤ᠂ ᠰᠠᠨᠠᠯ ᠲᠠᠢ ᠭᠠᠴᠠᠭᠠᠨ ᠤ ᠠᠷᠠᠳ ᠲᠤ ᠬᠦᠯᠢᠴᠡᠩᠭᠦᠶ ᠪᠠᠷ ᠲᠠᠶᠢᠯᠪᠤᠷᠢᠯᠠᠯᠲᠠ | ᠬᠢᠵᠦ᠂ ᠬᠦᠴᠢᠷᠳᠡᠯᠲᠡᠶ ᠠᠬᠠᠮᠠᠳ ᠨᠠᠮ ᠤᠨ ᠭᠡᠰᠢᠭᠦᠨ᠂ ᠥᠨᠥᠴᠢᠨ ᠪᠡᠯᠪᠡᠰᠦᠨ ᠨᠠᠰᠤᠲᠠᠨ᠂ ᠭᠡᠷ ᠲᠡᠭᠡᠨ | ᠬᠤᠴᠣᠷᠤᠭᠰᠠᠨ ᠬᠡᠦᠬᠡᠳ᠂ ᠮᠡᠳᠡᠷᠡᠯ ᠤᠨ ᠡᠪᠡᠳᠴᠢᠲᠡᠨ ᠪᠠ ᠵᠡᠮᠳᠡᠭᠴᠦᠳ ᠢ ᠣᠨᠴᠠᠭᠠᠶᠢᠯᠠᠨ ᠠᠩᠬᠠᠷᠴᠤ᠂ | ᠥᠩᠭᠡᠷᠡᠭᠰᠡᠨ ᠬᠤᠶᠠᠷ ᠵᠢᠯ ᠳᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠯᠲᠡᠢ | ᠳᠤᠬᠢᠷᠠᠭᠤᠯᠭ᠎ᠠ ᠪᠠᠷ᠂ ︽ᠲᠤᠯᠤᠭᠠᠨ ᠰᠠᠷ᠎ᠠ ᠶᠢᠨ ᠨᠢᠭᠡᠨ︾ ᠪᠣᠯᠤᠨ ︽ᠰᠢᠨ᠎ᠡ ᠵᠢᠯ︾ ᠤᠨ ᠤᠷᠢᠳ ᠬᠤᠵᠢᠳ ᠢᠶᠠᠷ᠂ | ᠮᠠᠢ ᠱᠧᠩ ᠲᠣᠰᠬᠤᠨ ᠤ 25 ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠪᠣᠯᠤᠨ ᠶᠠᠳᠠᠭᠤ | ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ ᠳᠡᠳᠡᠨ ᠳᠤ ᠡᠳᠦᠷ ᠳᠤᠳᠤᠮ ᠤᠨ ᠠᠮᠢᠳᠤᠷᠠᠯ ᠤᠨ ᠬᠡᠷᠡᠭᠰᠡᠯ᠂ | ᠲᠣᠬᠤᠨᠢᠭᠤᠯᠬᠤ ᠪᠣᠳᠠᠰ ᠬᠦᠷᠭᠡᠵᠦ᠂ ᠤᠯᠠᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠠᠮ ᠤᠨ ᠭᠡᠷᠡᠯ | ᠭᠢᠯᠪᠠᠭ᠎ᠠ ᠶᠢ ᠦᠨᠡᠨᠬᠦ ᠰᠠᠴᠤᠷᠠᠭᠤᠯᠪᠠ᠃ | | | | | | ᠬᠤᠶᠠᠷ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠶᠢᠨ ︽ᠲᠣᠰᠬᠤᠨ ᠤ ᠺᠠᠳ᠋ᠷ︾ ᠪᠣᠯᠬᠤ | ᠬᠡᠷᠡᠭᠲᠡᠢ | ᠦᠨᠳᠦᠰᠦᠨ ᠱᠠᠲᠤᠨ ᠳᠤ ᠬᠦᠷᠦᠭᠰᠡᠨ ᠤ ᠳᠠᠷᠠᠭ᠎ᠠ ᠰᠠᠶ᠋ᠢ ︽ᠳᠡᠭᠡᠷ᠎ᠡ ᠲᠠᠯ᠎ᠠ ᠶᠢᠨ ᠮᠢᠩᠭᠠᠨ ᠱᠤᠭᠤᠮ᠂ | ᠳᠣᠣᠷ᠎ᠠ ᠲᠠᠯ᠎ᠠ ᠶᠢᠨ ᠨᠢᠭᠡ ᠵᠡᠭᠦᠦ︾ ᠶᠢᠨ ᠭᠦᠨ ᠭᠦᠨᠵᠡᠭᠡᠶ ᠠᠭᠤᠯᠬᠤᠨ ᠢ ᠣᠶᠢᠯᠠᠭᠠᠵᠤ᠂ ᠰᠣᠩᠭᠤᠨ ᠰᠢᠯᠵᠢᠭᠦᠯᠬᠦ | ᠰᠤᠷᠤᠭᠴᠢ ᠪᠣᠯᠤᠭᠰᠠᠨ ᠤ ᠬᠤᠪᠢ ᠳᠤ ᠡᠷᠬᠡᠪᠰᠢ ︽ᠣᠯᠠᠨ ᠲᠠᠯ᠎ᠠ ᠶᠢᠨ ᠴᠢᠳᠠᠪᠤᠷᠢᠲᠠᠨ︾ ᠪᠣᠯᠬᠤ ᠪᠠᠷ ᠴᠢᠷᠮᠠᠶᠢᠵᠤ᠂ | ︽ᠪᠦᠷᠢᠨ ᠴᠢᠳᠠᠪᠤᠷᠢᠲᠤ ᠴᠢᠳᠠᠪᠤᠷᠢᠲᠠᠨ︾ ᠢ ᠪᠣᠯᠪᠠᠰᠤᠷᠠᠭᠤᠯᠬᠤ ᠬᠡᠷᠡᠭᠲᠡᠶ᠃ ᠭᠠᠴᠠᠭᠠᠨ ᠤ ᠠᠷᠠᠳ ᠤᠨ ᠵᠥᠪᠯᠡᠯ ᠳᠤ | ᠪᠢ ᠭᠠᠴᠠᠭᠠᠨ ᠤ ᠳᠡᠰ ᠤᠨ ᠡᠯ᠎ᠡ ᠵᠦᠢᠯ ᠤᠨ ᠦᠰᠦᠭ ᠪᠢᠴᠢᠭ ᠤᠨ ᠮᠠᠲ᠋ᠧᠷᠢᠶᠠᠯ᠂ ᠮᠡᠳᠡᠭᠦᠯᠬᠦ ᠬᠦᠰᠦᠨᠦᠭᠲᠦ᠂ ᠡᠬᠡ | ᠳᠠᠩᠰᠠ ᠶᠢ ᠲᠠᠭᠯᠠᠨ ᠪᠢᠴᠢᠬᠦ ᠠᠵᠢᠯ ᠢ ᠢᠳᠡᠪᠬᠢᠲᠡᠶ ᠡᠭᠦᠷᠭᠡᠯᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠳᠠᠭᠠᠨ᠂ | ᠰᠠᠨᠠᠭᠠᠴᠢᠯᠠᠭ᠎ᠠ ᠠᠴᠠ ᠪᠠᠨ ᠲᠣᠰᠬᠤᠨ ᠤ ᠨᠠᠰᠤᠲᠠᠶᠢᠴᠤᠳ ᠤᠨ ᠣᠶᠤᠨᠴᠢ ᠭᠠᠷ ᠤᠲᠠᠰᠤ ᠪᠠᠷ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠪᠤᠷᠢ ᠵᠡᠷᠭᠡ ᠵᠢᠪᠢ ᠬᠤᠶᠠᠷ ᠵᠢᠯ ᠤᠨ ᠬᠤᠭᠤᠴᠠᠭᠠᠨ ᠳᠤ | ᠥᠪᠡᠷ ᠤᠨ ᠲᠤᠰᠢᠶᠠᠯ ᠬᠠᠷᠢᠭᠤᠴᠠᠵᠤ ᠪᠠᠶᠢᠭ᠎ᠠ ᠮᠠᠢ ᠱᠧᠩ ᠲᠣᠰᠬᠤᠨ ᠤ ᠪᠠᠶᠢᠳᠠᠯ ᠤᠨ ᠡᠯᠧᠮᠧᠨ᠋ᠲ ᠢ ᠣᠨᠣᠪᠴᠢᠲᠠᠢ | ᠣᠶᠢᠯᠠᠭᠠᠵᠤ᠂ ᠲᠣᠰᠬᠤᠨ ᠤ ᠨᠠᠮ ᠤᠨ ᠬᠤᠷᠢᠶᠠᠨ ᠤ ᠬᠠᠪᠰᠤᠷᠤᠯᠭ᠎ᠠ ᠳᠣᠣᠷ᠎ᠠ᠂ ︽ᠮᠠᠢ ᠱᠧᠩ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ | ᠲᠤᠬᠠᠢ ᠠᠩᠬ᠎ᠠ ᠠᠯᠬᠤᠮ ᠤᠨ ᠰᠦᠪᠡᠭᠴᠢᠯᠡᠯ︾ ᠭᠡᠬᠦ ᠰᠡᠳᠦᠪ ᠢᠶᠠᠷ ᠤᠯᠤᠰ ᠤᠨ ᠪᠠᠶᠢᠳᠠᠯ ᠤᠨ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠪᠡᠶᠡᠯᠡᠭᠦᠯᠵᠦ᠂ ᠮᠠᠢ ᠱᠧᠩ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠵᠡᠢ᠃ | ᠰᠢᠶᠠᠩ ᠪᠠᠯᠭᠠᠰᠤᠨ ᠳᠤ ᠪᠢ ᠡᠳᠦᠷ ᠪᠦᠷᠢ ᠵᠢᠵᠢᠭ ᠰᠠᠵᠢᠭ ᠠᠵᠢᠯ ᠤᠨ ᠡᠭᠦᠷᠭᠡ ᠪᠠᠨ ᠡᠮᠬᠢᠯᠡᠨ ᠲᠢᠭᠯᠡᠵᠦ᠂ | ᠠᠵᠢᠯ ᠤᠨ ᠲᠥᠯᠥᠪᠯᠡᠭᠡ ᠪᠠᠨ ᠲᠣᠭᠲᠠᠭᠠᠨ᠎ᠠ᠃ ᠵᠢᠱᠢᠶᠡᠯᠡᠪᠡᠯ᠄ ᠪᠢᠴᠢᠭ ᠮᠠᠲ᠋ᠧᠷᠢᠶᠠᠯ ᠢ ᠬᠤᠷᠢᠶᠠᠨ ᠲᠠᠷᠬᠠᠭᠠᠬᠤ᠂ | ᠮᠡᠳᠡᠭᠳᠡᠯ ᠳᠠᠮᠵᠢᠭᠤᠯᠬᠤ᠂ ᠡᠯ᠎ᠡ ᠦᠷᠳᠡᠭᠡ ᠭᠠᠵᠠᠷ ᠤᠨ ᠬᠡᠷᠡᠭ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ | ᠂ ᠬᠤᠷᠠᠯ ᠤᠨ ᠶᠠᠪᠤᠳᠠᠯ ᠢ ᠰᠠᠶᠢᠲᠤᠷ ᠬᠢᠬᠦ᠂ ᠠᠵᠢᠯ ᠶᠠᠪᠤᠳᠠᠯ ᠬᠢᠵᠦ ᠪᠠᠶᠢᠭ᠎ᠠ ᠤᠯᠠᠨ ᠲᠦᠮᠡᠨ ᠢ ᠬᠠᠯᠠᠭᠤᠨ ᠢᠶᠠᠷ | ᠬᠦᠯᠢᠶᠡᠨ ᠠᠪᠬᠤ᠂ ᠤᠳᠤᠷᠢᠳᠤᠯᠭ᠎ᠠ ᠶᠢᠨ ᠲᠤᠰᠢᠶᠠᠭᠰᠠᠨ ᠡᠭᠦᠷᠭᠡ ᠶᠢᠨ ︽ᠦᠭᠡ ᠪᠣᠯᠭᠠᠨ ᠳᠤ ᠬᠠᠷᠢᠭᠤᠯᠲᠠ | ᠥᠭᠴᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ︾ ᠶᠢ ᠦᠨᠡᠨ ᠬᠦ ᠪᠠᠲᠤᠯᠠᠬᠤ ᠵᠡᠷᠭᠡ ᠪᠣᠯᠤᠨ᠎ᠠ᠃ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠢ ᠭᠤᠣᠯᠳᠠᠭᠤ ᠲᠤᠭ᠎ᠠ ᠪᠠᠷᠢᠮᠲᠠ ᠶᠢ | ᠪᠦᠷᠢᠳᠬᠡᠬᠦ᠂ ᠪᠠᠶᠢᠳᠠᠯ ᠢ ᠬᠠᠷᠢᠭᠤ ᠮᠡᠳᠡᠭᠦᠯᠬᠦ᠂ ᠪᠢᠴᠢᠭ ᠮᠠᠲ᠋ᠧᠷᠢᠶᠠᠯ ᠢ ᠲᠤᠰᠢᠶᠠᠨ ᠥᠭᠴᠦ ᠰᠢᠢᠳᠪᠦᠷᠢᠯᠡᠭᠦᠯᠬᠦ | ᠵᠡᠷᠭᠡ ᠠᠵᠢᠯ ᠢ ᠪᠡᠶᠡᠯᠡᠭᠦᠯᠪᠡ᠃ ᠪᠢ ᠰᠠᠯᠠᠭ᠎ᠠ ᠮᠥᠴᠢᠷ ᠤᠨ ᠬᠠᠮᠲᠤ ᠠᠵᠢᠯᠯᠠᠭᠰᠠᠳ ᠲᠠᠢ ᠪᠠᠨ ᠪᠠᠯᠭᠠᠰᠤᠨ ᠤ | ᠤᠳᠠᠭ᠎ᠠ ᠪᠦᠷᠢ ᠶᠢᠨ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾ ᠪᠠ ︽ᠰᠢᠨ᠎ᠡ ᠴᠠᠭ ᠦᠶ᠎ᠡ ᠶᠢᠨ | ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠵᠡᠷᠭᠡ ᠴᠢᠬᠤᠯᠠ ᠠᠵᠢᠯᠯᠠᠭ᠎ᠠ ᠶᠢ ᠤᠬᠠᠭᠠᠯᠠᠨ | ᠵᠣᠬᠢᠶᠠᠨ ᠪᠠᠶᠢᠭᠤᠯᠵᠤ᠂ ᠬᠤᠷᠠᠯ ᠠᠴᠠ ᠡᠮᠦᠨᠡᠬᠢ ᠬᠤᠷᠠᠯ ᠤᠨ ᠳᠤᠬᠢᠷᠠᠭᠤᠯᠤᠯᠳᠠ᠂ ᠬᠤᠷᠠᠯ ᠳᠤ ᠣᠷᠣᠯᠴᠠᠭᠰᠠᠳ᠂ | ᠡᠳ᠋ ᠪᠣᠳᠠᠰ ᠤᠨ ᠪᠡᠯᠡᠳᠬᠡᠯ ᠠᠴᠠ ᠠᠵᠢᠯᠯᠠᠭᠠᠨ ᠤ ᠫᠷᠤᠭ᠍ᠷᠠᠮ ᠤᠨ ᠳᠤᠬᠢᠷᠠᠭᠤᠯᠤᠯᠳᠠ ᠠᠴᠠ ᠠᠪᠤᠭᠠᠳ ᠠᠵᠢᠯᠯᠠᠭᠠᠨ ᠤ | ᠲᠡᠭᠦᠰᠬᠡᠯ ᠳᠤ ᠬᠦᠷᠲᠡᠯ᠎ᠡ᠂ ᠠᠵᠢᠯ ᠳᠤ ᠣᠷᠣᠯᠴᠠᠵᠤ ᠡᠬᠢᠯᠡᠭᠰᠡᠳ ᠤᠨ ᠬᠢᠴᠢᠶᠡᠨ ᠪᠣᠯᠭᠤᠮᠵᠢᠯᠠᠵᠤ᠂ ᠠᠶᠤᠵᠤ | ᠰᠠᠨᠳᠤᠷᠴᠤ ᠪᠠᠶᠢᠭᠰᠠᠨ ᠠᠴᠠ ᠪᠠᠨ ᠥᠨᠥᠳᠦᠷ ᠤᠨ ᠠᠵᠢᠯ ᠤᠨ ᠲᠠᠯ᠎ᠠ ᠪᠠᠷ ᠠᠭᠤᠵᠢᠭᠤ ᠲᠠᠯᠪᠢᠭᠤ᠂ ᠡᠮᠬᠢ | ᠵᠠᠮᠪᠠᠷᠠᠭ᠎ᠠ ᠲᠠᠢ ᠪᠤᠯᠵᠤ᠂ ᠠᠵᠢᠯ ᠨᠠᠳᠠ ᠳᠤ ᠳᠠᠪᠲᠠᠯᠲᠠ ᠪᠠ ᠬᠤᠪᠢᠷᠠᠯᠲᠠ ᠶᠢ ᠠᠪᠴᠢᠷᠠᠭᠰᠠᠨ ᠢᠶᠠᠷ ᠦᠯᠦ ᠪᠠᠷᠠᠮ᠂ | ᠦᠨᠳᠦᠰᠦᠨ ᠱᠠᠲᠤᠨ ᠤ ᠠᠵᠢᠯ ᠤᠨ ᠳᠤᠮᠳᠠ ᠥᠪᠡᠷ ᠤᠨ ᠪᠡᠶ᠎ᠡ ᠶᠢᠨ ᠦᠨ᠎ᠡ ᠦᠷᠳᠡᠭ ᠢᠶᠠᠨ ᠪᠡᠶᠡᠯᠡᠭᠦᠯᠦᠭᠰᠡᠨ ᠢᠶᠠᠷ | ᠦᠯᠦ ᠪᠠᠷᠠᠮ᠂ ᠦᠨᠳᠦᠰᠦᠨ ᠱᠠᠲᠤᠨ ᠤ ᠠᠵᠢᠯ ᠤᠨ ᠳᠤᠮᠳᠠ ᠥᠪᠡᠷ ᠤᠨ ᠪᠡᠶ᠎ᠡ ᠶᠢᠨ ᠦᠨ᠎ᠡ ᠦᠷᠳᠡᠭ ᠢᠶᠠᠨ | ᠪᠡᠶᠡᠯᠡᠭᠦᠯᠦᠭᠰᠡᠨ ᠳᠤ ᠣᠷᠣᠰᠢᠨ᠎ᠠ᠃ ᠡᠨᠡ ᠵᠢᠯ ᠪᠦᠬᠦ ᠰᠢᠶᠠᠨ ᠢᠶᠠᠷ ᠢᠶᠠᠨ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ | ᠮᠥᠷᠦ᠋ᠢᠴᠡᠬᠦ︾ ᠠᠵᠢᠯᠯᠠᠭ᠎ᠠ ᠥᠷᠨᠢᠭᠦᠯᠬᠦ ᠦᠶ᠎ᠡ ᠳᠤ᠂ ᠪᠢ ᠪᠦᠬᠦ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ︽ᠵᠡᠪᠰᠡᠭ ᠤᠨ ᠡᠷᠳᠡᠮ ᠮᠥᠷᠦ᠋ᠢᠴᠡᠵᠦ ᠤᠳᠤᠨ ᠮᠡᠴᠢᠳ ᠪᠤᠯᠢᠶᠠᠯᠳᠤᠬᠤ︾ | ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢᠨ PPT ᠦᠢᠯᠡᠳᠬᠦ ᠶᠢ ᠪᠣᠳᠠᠲᠠᠢ ᠬᠠᠷᠢᠭᠤᠴᠠᠵᠤ᠂ ᠣᠬᠤᠷᠬᠠᠨ | ᠬᠤᠭᠤᠴᠠᠭᠠᠨ ᠳᠤ 13 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢᠨ | ᠮᠠᠲᠧᠷᠢᠶᠠᠯ ᠢ ᠪᠡᠶᠡᠯᠡᠭᠦᠯᠵᠦ᠂ ᠥᠪᠡᠷ ᠤᠨ ᠪᠡᠶ᠎ᠡ ᠶᠢᠨ ᠳᠠᠷᠤᠯᠲᠠ ᠶᠢ ᠡᠰᠡᠷᠭᠦᠴᠡᠬᠦ ᠴᠢᠳᠠᠪᠤᠷᠢ ᠪᠠᠨ ᠳᠠᠪᠲᠠᠨ | ᠪᠣᠯᠪᠠᠰᠤᠷᠠᠭᠤᠯᠤᠭᠰᠠᠨ ᠢᠶᠠᠷ ᠦᠯᠦ ᠪᠠᠷᠠᠮ᠂ ᠨᠡᠩ ᠴᠤ ᠣᠬᠤᠷᠬᠠᠨ ᠬᠤᠭᠤᠴᠠᠭᠠᠨ ᠳᠤ ᠡᠯ᠎ᠡ ᠲᠣᠰᠬᠤᠨ ᠤ ᠪᠣᠳᠠᠲᠠᠢ | ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠦᠷᠭᠡᠨ ᠤᠢᠢᠯᠠᠭᠠᠭᠰᠠᠨ ᠪᠠᠶᠢᠨ᠎ᠠ᠂ ᠶᠠᠪᠤᠴᠠ ᠬᠡᠳᠦ᠋ᠢᠪᠡᠷ | ᠶᠠᠳᠠᠷᠠᠯᠲᠠᠢ ᠪᠣᠯᠪᠠᠴᠤ ᠰᠡᠳᠬᠢᠯ ᠳᠦᠭᠦᠷᠡᠩ ᠪᠠᠶᠢᠨ᠎ᠠ᠃ | 2021 ᠣᠨ ᠤ 7 ᠰᠠᠷ᠎ᠠ ᠳᠤ᠂ ᠪᠢ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠪᠠᠷ | ᠰᠣᠩᠭᠤᠭᠳᠠᠪᠠ᠂ ᠨᠢᠭᠡ ᠵᠢᠯ ᠤᠨ ᠲᠤᠷᠰᠢ᠂ ᠪᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ | ᠨᠢᠭᠡᠪᠦᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠶᠢᠬᠤᠳᠤ ᠪᠠᠯᠭᠠᠰᠤᠨ ᠤ ᠡᠮᠡᠭᠲᠡᠢ ᠨᠥᠬᠦᠳ ᠢ | ᠪᠦᠯᠬᠦᠮᠳᠡᠭᠦᠯᠦᠨ ᠳᠠᠭᠠᠭᠤᠯᠵᠤ ︽ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠠᠵᠢᠯᠯᠠᠭ᠎ᠠ | ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠲᠠᠭ᠎ᠠ ᠶᠢᠨ ᠨᠠᠭᠤᠷ ᠢ ᠬᠠᠮᠠᠭᠠᠯᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ ᠢᠳᠡᠪᠬᠢᠲᠡᠢ ᠬᠤᠪᠢ | ᠨᠡᠮᠡᠷᠢ ᠦᠵᠡᠭᠦᠯᠵᠦ᠂ ᠪᠡᠶ᠎ᠡ ᠶᠢᠨ ᠪᠠᠷ᠎ᠠ ᠪᠠᠨ ᠭᠢᠯᠠᠯᠵᠠᠭᠤᠯᠵᠤ ᠪᠠᠶᠢᠯ᠎ᠠ︔ ︽ᠬᠤᠶᠠᠷ ᠥᠮᠡᠨ︾ ᠲᠠᠢ | ᠡᠮᠡᠭᠲᠡᠶᠢᠴᠦᠳ ᠲᠤ ᠠᠪᠤᠷᠠᠨ ᠲᠤᠰᠠᠯᠠᠯᠲᠠ ᠬᠢᠵᠦ᠂ ᠬᠤᠶᠠᠷ ᠵᠢᠯ ᠤᠨ ᠲᠤᠷᠰᠢ ᠨᠡᠶᠢᠲᠡ 8 ᠡᠪᠡᠳᠴᠢᠲᠡᠨ ᠢ ᠠᠪᠤᠷᠠᠨ | ᠲᠤᠰᠠᠯᠠᠵᠤ᠂ ᠲᠡᠳᠡᠨ ᠢ ᠬᠠᠪᠰᠤᠷᠤᠨ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠬᠡᠷ | ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠨᠢ ᠬᠥᠩᠭᠡᠷᠡᠭᠦᠯᠵᠦ᠂ ᠡᠮᠡᠭᠲᠡᠶ ᠨᠥᠬᠦᠳ ᠲᠤ ᠨᠠᠮ ᠤᠨ ᠬᠠᠯᠠᠮᠵᠢᠯᠠᠯ | ᠪᠠ ᠬᠠᠶᠢᠷ᠎ᠠ ᠬᠠᠯᠠᠮᠵᠢ ᠶᠢ ᠬᠦᠷᠲᠡᠭᠡᠪᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢᠨ | ᠲᠥᠯᠥᠭᠡ᠂ ᠪᠦᠬᠦ ᠪᠠᠯᠭᠠᠰᠤ ᠪᠠᠷ ᠢᠶᠠᠨ ᠬᠠᠮᠤᠭ ᠤᠨ ᠭᠤᠶᠤ ᠰᠠᠶᠢᠬᠠᠨ ᠭᠡᠷ ᠪᠦᠯᠢ ᠶᠢᠨ 13 ᠡᠷᠦᠬᠡ᠂ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ 23 ᠡᠷᠦᠬᠡ ᠶᠢ ᠰᠢᠯᠭᠠᠷᠠᠭᠤᠯᠵᠤ᠂ ᠪᠣᠯᠪᠠᠰᠤᠨ ᠭᠡᠷ ᠤᠨ | ᠰᠤᠷᠲᠠᠯ ᠢᠶᠠᠷ ᠪᠣᠯᠪᠠᠰᠤᠨ ᠲᠣᠰᠬᠤᠨ ᠤ ᠰᠤᠷᠲᠠᠯ ᠢ ᠬᠦᠳᠦᠯᠦᠨ ᠳᠠᠭᠠᠭᠤᠯᠵᠤ᠂ ᠬᠥᠷᠰᠢ ᠵᠡᠷᠭᠡᠯᠡᠳᠡᠭᠡ ᠶᠢᠨ ᠡᠶ᠎ᠡ | ᠵᠣᠬᠢᠴᠠᠯ ᠢ ᠠᠬᠢᠭᠤᠯᠤᠭᠰᠠᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ | ᠴᠢᠨᠠᠭᠰᠢᠳᠠ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ | ᠰᠡᠳᠬᠢᠯᠭᠡ᠂ ᠤᠮᠤᠭᠰᠢᠯᠳᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠢ᠃ 2021 ᠣᠨ ᠳᠤ | ᠮᠠᠶᠢᠾᠦ᠋ᠲ᠋ᠦ᠋ ᠪᠠᠯᠭᠠᠰᠤᠨ ᠤ ᠡᠮᠡᠭᠲᠡᠶᠢᠴᠦᠳ ᠤᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠮᠡᠭᠲᠡᠶᠢᠴᠦᠳ ᠤᠨ ᠶᠠᠷᠢᠯᠴᠠᠬᠤ ᠬᠤᠷᠠᠯ ᠢ | ᠤᠯᠠᠨ ᠤᠳᠠᠭ᠎ᠠ ᠬᠤᠷᠠᠯᠳᠤᠭᠤᠯᠵᠤ᠂ ᠪᠦᠬᠦ ᠪᠠᠯᠭᠠᠰᠤᠨ ᠤ ᠡᠮᠡᠭᠲᠡᠶᠢᠴᠦᠳ ᠢ ᠳᠠᠭᠠᠭᠤᠯᠤᠨ ᠦᠵᠡᠰᠬᠦᠯᠡᠩᠲᠦ | ᠰᠠᠶᠢᠬᠠᠨ ᠪᠠᠶᠠᠨ ᠴᠢᠨᠡᠭᠡᠯᠢᠭ ᠮᠠᠶᠢᠬᠤᠳᠤ ᠪᠠᠯᠭᠠᠰᠤ ᠶᠢ ᠪᠦᠳᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠤᠶᠤᠨ | ᠤᠬᠠᠭᠠᠨ ᠢᠶᠠᠨ ᠡᠷᠭᠦᠪᠡ᠃ | | | | | | ᠭᠤᠷᠪᠠ᠂ ᠥᠨᠳᠥᠷ ᠪᠦᠲᠦᠮᠵᠢᠲᠡᠶ ᠪᠣᠳᠠᠲᠠᠶ ᠶᠢ ᠡᠷᠬᠢᠮᠯᠡᠵᠦ᠂ ︽ᠨᠢᠭᠡ ᠲᠣᠭᠤᠰᠬ᠎ᠠ︾ ᠶᠢ ᠰᠠᠶᠢᠲᠤᠷ ᠬᠢᠬᠦ | ᠬᠡᠷᠡᠭᠲᠡᠶ | 2021 ᠣᠨ ᠳᠤ᠂ ᠪᠢ ᠥᠩᠭᠡᠷᠡᠭᠰᠡᠨ ᠳᠤ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠤᠰᠬᠠᠶ ᠠᠩᠭᠢ ᠳᠤ | ᠲᠣᠮᠢᠯᠠᠭᠳᠠᠨ ᠠᠵᠢᠯᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ᠂ ᠲᠠᠶᠢᠴᠢᠯᠠᠯᠳᠡ ᠪᠠᠶᠢᠷᠢᠯᠠᠭᠤᠯᠤᠯᠲᠠ ᠠᠴᠠ ᠤᠬᠠᠭᠤᠯᠤᠨ ᠲᠠᠶᠢᠯᠪᠤᠷᠢᠯᠠᠬᠤ᠂ ᠤᠯᠠᠨ ᠲᠦᠮᠡᠨ ᠤ | ᠠᠵᠢᠯᠯᠠᠭ᠎ᠠ᠂ ᠲᠤᠰᠬᠠᠢ ᠰᠡᠳᠦᠪᠲᠦ ᠪᠣᠯᠪᠠᠰᠤᠷᠠᠭᠤᠯᠤᠯ ᠠᠴᠠ ᠠᠷᠠᠳ ᠤᠨ ᠲᠥᠯᠥᠭᠡ ᠤᠴᠢᠷ ᠶᠠᠪᠤᠳᠠᠯ | ᠰᠢᠢᠳᠪᠦᠷᠢᠯᠡᠬᠦ ᠬᠦᠷᠲᠡᠯ᠎ᠡ᠂ ᠡᠭᠦᠷᠭᠡ ᠶᠢ ᠨᠠᠶᠢᠳᠠᠪᠤᠷᠢᠵᠢᠭᠤᠯᠬᠤ᠂ ᠰᠢᠨ᠎ᠡ ᠪᠠᠶᠢᠳᠠᠯ ᠢ ᠡᠭᠦᠳᠬᠦ ᠬᠦᠷᠲᠡᠯ᠎ᠡ᠂ ᠪᠢ | ᠲᠤᠰᠬᠠᠢ ᠲᠦᠷᠦᠯ ᠤᠨ ᠠᠵᠢᠯ ᠤᠨ ᠲᠤᠬᠠᠢ ᠠᠩᠬ᠎ᠠ ᠠᠯᠬᠤᠮ ᠤᠨ ᠣᠶᠢᠯᠠᠭᠠᠯᠲᠠ ᠪᠠ ᠳ᠋ᠦᠩᠨᠡᠯᠲᠡ ᠲᠠᠢ | ᠪᠣᠯᠤᠭᠰᠠᠨ ᠤ ᠬᠠᠮᠲᠤ᠂ ᠪᠦᠬᠦ ᠶᠠᠪᠤᠴᠠ ᠳᠤ ᠬᠠᠮᠵᠢᠯᠴᠠᠨ ᠤᠳᠤᠷᠢᠳᠴᠤ᠂ ᠡᠯ᠎ᠡ ᠵᠦᠢᠯ ᠤᠨ ᠮᠠᠲ᠋ᠧᠷᠢᠶᠠᠯ ᠢ ᠴᠠᠭ | ᠲᠤᠬᠠᠢ ᠳᠤᠨᠢ ᠴᠤᠭᠯᠠᠭᠤᠯᠤᠨ ᠬᠤᠷᠢᠶᠠᠩᠭᠤᠶᠢᠯᠠᠵᠤ᠂ ᠲᠠᠩᠰᠠ ᠡᠪᠬᠡᠮᠡᠯ ᠪᠦᠷᠢᠯᠳᠦᠭᠦᠯᠵᠦ᠂ ᠡᠯ᠎ᠡ ᠱᠠᠲᠤᠨ ᠤ | ᠳ᠋ᠦᠩᠨᠡᠯᠲᠡ ᠶᠢᠨ ᠶᠡᠭᠡ ᠬᠤᠷᠠᠯ ᠤᠨ ᠦᠷ᠎ᠡ ᠪᠦᠲᠦᠭᠡᠯ ᠢ ᠰᠢᠯᠭᠠᠨ ᠠᠪᠬᠤ ᠶᠢ ᠤᠭᠲᠤᠪᠠ᠃ ᠲᠤᠰᠬᠠᠶ ᠠᠩᠭᠢ ᠳᠤ | ᠠᠵᠢᠯᠯᠠᠵᠤ ᠪᠠᠶᠢᠬᠤ ᠬᠤᠭᠤᠴᠠᠭᠠᠨ ᠳᠤ᠂ ᠪᠢ ᠭᠠᠷᠠᠭ ᠪᠦᠷᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠣᠪᠴᠢ ᠮᠡᠳᠡᠭᠡ ᠶᠢ ᠴᠠᠭ ᠲᠤᠬᠠᠶ ᠳᠤᠨᠢ ᠪᠢᠴᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ | ᠤᠳᠤᠷᠢᠳᠤᠯᠭ᠎ᠠ ᠳᠤ ᠲᠤᠰ ᠭᠠᠷᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ | ᠪᠠᠶᠢᠳᠠᠯ ᠢ ᠬᠠᠷᠢᠭᠤ ᠮᠡᠳᠡᠭᠦᠯᠵᠦ᠂ ᠡᠨᠡ ᠨᠢ ᠮᠢᠨᠦ ᠥᠪᠡᠷ ᠤᠨ ᠵᠣᠬᠢᠶᠠᠨ ᠪᠢᠴᠢᠬᠦ ᠴᠢᠳᠠᠪᠤᠷᠢ ᠶᠢ ᠲᠦᠢᠯ ᠤᠨ | ᠶᠡᠭᠡ ᠪᠠᠷ ᠳᠠᠪᠲᠠᠨ ᠪᠣᠯᠪᠠᠰᠤᠷᠠᠭᠤᠯᠵᠤ᠂ ᠵᠣᠬᠢᠶᠠᠨ ᠪᠢᠴᠢᠬᠦ ᠬᠢᠷᠢ ᠲᠦᠪᠰᠢᠨ ᠢ ᠳᠡᠭᠡᠭᠰᠢᠯᠡᠭᠦᠯᠪᠡ᠂ ᠪᠠᠶᠠᠷᠯᠠᠭᠤᠰᠢᠲᠠᠶ | ᠶᠠᠪᠤᠳᠠᠯ ᠭᠡᠪᠡᠯ᠂ ᠵᠢᠯ ᠤᠨ ᠡᠴᠦᠰ ᠲᠤ ᠮᠢᠨᠦ ᠬᠤᠶᠠᠷ ᠲᠣᠪᠴᠢ ᠮᠡᠳᠡᠭᠡ ︽ᠰᠤᠷᠤᠯᠴᠠᠯᠭ᠎ᠠ ᠶᠢᠨ ᠬᠦᠴᠦᠷᠬᠡᠭ | ᠤᠯᠤᠰ︾ — ︽ᠥᠪᠥᠷ ᠮᠣᠩᠭᠤᠯ ᠤᠨ ᠰᠤᠷᠤᠯᠴᠠᠯᠭ᠎ᠠ ᠶᠢᠨ ᠲᠠᠪᠴᠠᠩ︾ ᠳᠤ ᠬᠡᠷᠡᠭᠯᠡᠭᠳᠡᠪᠡ᠂ ᠡᠨᠡ ᠨᠢ ᠮᠢᠨᠦ | ᠦᠷᠭᠦᠯᠵᠢᠯᠡᠨ ᠮᠠᠲ᠋ᠧᠷᠢᠶᠠᠯ ᠪᠢᠴᠢᠬᠦ ᠢᠲᠡᠭᠡᠯ ᠵᠣᠷᠢᠭ ᠢ ᠲᠦᠢᠯ ᠤᠨ ᠶᠡᠭᠡ ᠪᠠᠷ ᠵᠣᠷᠢᠭᠵᠢᠭᠤᠯᠵᠤ᠂ ︽ᠵᠢᠵᠢᠭ ᠪᠢᠷ︾ | ᠢᠶᠠᠨ ︽ᠲᠤᠮᠤ ᠦᠰᠦᠨ ᠪᠢᠷ︾ ᠪᠣᠯᠭᠠᠬᠤ ᠶᠢ ᠬᠦᠰᠡᠵᠡᠶ᠃ | ᠨᠡᠯᠦᠭᠡᠷ ᠶᠡᠭᠡ ᠨᠣᠮ ᠤᠨ ᠳᠠᠯᠠᠢ ᠳᠤ ᠪᠢ ᠵᠥᠪᠬᠡᠨ ᠨᠢᠭᠡ ᠬᠤᠯᠤ ᠣᠯᠤᠨ᠎ᠠ᠂ ᠬᠥᠳᠡᠭᠡ ᠲᠣᠰᠬᠤᠨ ᠳᠤ ᠪᠢ | ᠵᠥᠪᠬᠡᠨ ᠨᠢᠭᠡ ᠪᠤᠯᠤᠩ ᠭᠠᠵᠠᠷ ᠯᠠ ᠠᠮᠤᠷ ᠵᠢᠮᠦᠷ ᠪᠠᠶᠢᠬᠤ ᠶᠢ ᠬᠦᠰᠡᠨ᠎ᠡ᠃ ᠭᠤᠷᠪᠠᠨ ᠵᠢᠯ ᠤᠨ ᠰᠣᠩᠭᠤᠨ | ᠰᠢᠯᠵᠢᠭᠦᠯᠬᠦ ᠠᠮᠢᠳᠤᠷᠠᠯ ᠨᠢ ᠨᠠᠳᠠ ᠳᠤ ᠴᠢᠳᠠᠪᠤᠷᠢ ᠮᠡᠬᠦᠰ᠂ ᠲᠤᠷᠰᠢᠯᠭ᠎ᠠ ᠮᠡᠬᠦᠰ ᠭᠡᠳᠡᠭ ᠢ ᠭᠦᠨᠵᠡᠭᠡᠶ | ᠣᠶᠢᠯᠠᠭᠠᠭᠤᠯᠵᠤ᠂ ᠬᠡᠳᠦ᠋ᠢᠪᠡᠷ ᠠᠮᠢᠳᠤᠷᠠᠯ ᠨᠡᠩ ᠬᠦᠴᠢᠷ ᠪᠡᠷᠬᠡᠰᠢᠶᠡᠯ ᠲᠠᠢ᠂ ᠪᠠᠶᠢᠳᠠᠯ ᠨᠡᠩ ᠪᠤᠳᠤᠯᠢᠶᠠᠨᠲᠠᠶ᠂ ᠪᠢ | ᠦᠰᠦᠨ ᠪᠤᠶᠢᠵᠢᠯᠲᠠ ᠶᠢᠨ ᠳᠤᠮᠳᠠ ᠪᠠᠨ ᠠᠯᠬᠤᠮ ᠠᠯᠬᠤᠮ ᠢᠶᠠᠷ ᠠᠮᠲᠠᠲᠠᠶ᠂ ᠵᠠᠷᠢᠮ ᠳᠠᠭᠠᠨ ᠥᠪᠡᠷ ᠤᠨ | ᠪᠡᠶ᠎ᠡ ᠶᠢᠨ ᠢᠶᠠᠨ ᠶᠠᠯᠢᠮ ᠦᠭᠡᠢ ᠵᠦᠢᠯ ᠢ ᠮᠡᠳᠡᠳᠡᠭ᠂ ᠮᠠᠰᠢ ᠤᠯᠠᠨ ᠠᠰᠠᠭᠤᠳᠠᠯ ᠢ ᠰᠢᠢᠳᠪᠤᠷᠢᠯᠡᠬᠦ ᠶᠢᠨ ᠠᠷᠭ᠎ᠠ | ᠦᠭᠡᠢ᠂ ᠵᠠᠷᠢᠮ ᠳᠠᠭᠠᠨ ᠪᠠᠰᠠ ᠣᠮᠣᠭᠰᠢᠳᠠᠭ᠂ ᠲᠣᠰᠬᠤᠨ ᠤ ᠠᠷᠠᠳ ᠤᠨ ᠠᠰᠠᠭᠤᠳᠠᠯ ᠢ ᠦᠨᠡᠬᠡᠷ ᠰᠢᠢᠳᠪᠤᠷᠢᠯᠡᠵᠦ | ᠥᠭᠲᠡᠭ᠂ ᠭᠡᠪᠡᠴᠦ ᠪᠢ ᠶᠠᠭᠠᠬᠢᠬᠤ ᠶᠢᠨ ᠠᠷᠭ᠎ᠠ ᠦᠭᠡᠢ ᠲᠥᠭᠡᠷᠢᠬᠦ ᠦᠭᠡᠢ ᠶᠤᠮ᠂ ᠤᠴᠢᠷ ᠨᠢ ᠲᠤᠭ᠎ᠠ ᠲᠣᠮᠰᠢ | ᠦᠭᠡᠢ ᠤᠯᠠᠨ ᠦᠨᠳᠦᠰᠦᠨ ᠱᠠᠲᠤᠨ ᠤ ᠰᠢᠯᠢᠳᠡᠭ ᠺᠠᠳ᠋ᠷ ᠵᠠᠮ ᠵᠢᠭᠠᠬᠤ ᠳ᠋ᠧᠩ ᠤᠨ ᠭᠡᠷᠡᠯ ᠢᠶᠠᠷ ᠨᠠᠳᠠ ᠳᠤ ᠴᠢᠭᠯᠡᠯ ᠢ | ᠭᠡᠷᠡᠯᠳᠤᠬᠦᠯᠵᠤ ᠥᠭᠲᠡᠭ ᠶᠤᠮ᠃ ᠪᠢ ᠦᠷᠭᠦᠯᠵᠢᠯᠡᠨ ᠲᠡᠮᠡᠴᠡᠵᠦ᠂ ᠵᠠᠯᠠᠭᠤᠴᠤᠳ ᠤᠨ ᠪᠠᠶᠢᠪᠠᠰᠤ ᠵᠣᠬᠢᠬᠤ ᠴᠤᠭ | ᠵᠢᠪᠬᠤᠭ᠎ᠠ᠂ ᠣᠮᠤᠭ ᠰᠦᠷ᠂ ᠲᠥᠪ ᠰᠤᠷᠲᠠᠯ ᠢ ᠴᠢᠩᠭᠠᠳᠬᠠᠵᠤ᠂ ᠴᠢᠩ ᠰᠡᠳᠬᠢᠯ ᠤᠨ ᠬᠦᠨᠳᠦ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠶᠢᠵᠤ᠂ ᠦᠨᠳᠦᠰᠦᠨ ᠱᠠᠲᠤᠨ ᠤ ᠦᠯᠢᠭᠡᠷ ᠢ | ᠰᠠᠶᠢᠲᠤᠷ ᠪᠢᠴᠢᠭᠯᠡᠨ᠎ᠡ︕ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |