ᠪᠦᠬᠦ ᠰᠢᠶᠠᠨ ᠤ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/6
   9 ᠰᠠᠷ᠎ᠠ ᠶᠢᠨ 5 ᠤ ᠦᠳᠡ ᠶᠢᠨ ᠬᠤᠶᠢᠨ᠎ᠠ᠂ ᠪᠦᠬᠦ ᠰᠢᠶᠠᠨ ᠤ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠡᠯ᠎ᠡ ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠳ ᠠᠴᠠ ᠲᠤᠰ ᠰᠢᠶᠠᠩ ᠪᠠᠯᠭᠠᠰᠤᠨ ᠤ ᠲᠦᠷᠦᠭᠦᠦ ᠭᠤᠷᠪᠠᠨ ᠤᠯᠠᠷᠢᠯ ᠤᠨ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠬᠠᠷᠢᠭᠤᠴᠠᠯᠭᠠᠲᠠᠨ ᠠᠴᠠ ᠲᠠᠷᠠᠭᠠᠴᠢ ᠶᠢᠨ ᠱᠠᠲᠤᠨ ᠤ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠶᠤᠤ ᠨᠢᠩ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠶ᠃      ᠳ᠋ᠦᠩ ᠰᠢᠶᠤᠤ ᠨᠢᠩ ᠱᠠᠭᠠᠷᠳᠠᠭᠰᠠᠨ ᠨᠢ᠂ ᠶᠡᠭᠡ ᠨᠠᠮ ᠤᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠤᠶ ᠪᠣᠯᠭᠠᠵᠤ᠂ ᠰᠢᠶᠠᠩ ᠪᠠᠯᠭᠠᠰᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠶ ᠪᠠ ᠠᠷᠭ᠎ᠠ ᠪᠠᠷ ︽ᠬᠠᠮᠤᠭ ᠤᠨ ᠴᠢᠩᠭ᠎ᠠ ᠨᠠᠮ ᠤᠨ ᠡᠭᠦᠷ︾ ᠤᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠷᠭᠠᠴᠠᠬᠤ ᠠᠷᠭ᠎ᠠ ᠵᠠᠮ ᠢ ᠣᠨᠣᠪᠴᠢᠲᠠᠶ ᠡᠷᠢᠵᠦ᠂ ᠱᠠᠲᠤ ᠬᠤᠪᠢᠶᠠᠨ ᠠᠬᠢᠭᠤᠯᠵᠤ᠂ ᠲᠥᠷᠥᠯ ᠬᠤᠪᠢᠶᠠᠨ ᠬᠡᠷᠡᠭᠵᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠴᠣᠭᠴᠠ ᠶᠢᠨ ᠤᠶᠢᠯᠡᠳᠤᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ  ᠭᠦᠢᠴᠡᠳ ᠪᠠᠳᠠᠷᠠᠭᠤᠯᠤᠨ᠂ ᠲᠡᠳᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ  ᠭᠡᠪᠡ᠃      ᠳ᠋ᠦᠩ ᠰᠢᠶᠤᠤ ᠨᠢᠩ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠣᠯᠤᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠲᠡᠷᠢᠭᠦᠨ ᠤ ᠨᠡᠶᠢᠲᠡᠯᠢᠭ  ᠵᠢᠱᠢᠶ᠎ᠡ᠂ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠤᠢ ᠪᠣᠯᠭᠠᠵᠤ᠂ ︽ᠬᠥᠳᠡᠭᠡ ᠲᠣᠰᠬᠤᠨ ᠤ ᠦᠯᠢᠭᠡᠷ︾ ᠢ ᠰᠠᠶᠢᠲᠤᠷ ᠶᠠᠷᠢᠵᠤ᠂ ︽ᠬᠥᠳᠡᠭᠡ ᠲᠣᠰᠬᠤᠨ ᠤ ᠮᠠᠭᠲᠠᠭᠠᠯ ᠳᠠᠭᠤᠤ︾ ᠶᠢ ᠬᠠᠩᠭᠢᠨᠠᠭᠤᠯᠵᠤ᠂ ᠬᠥᠳᠡᠭᠡ ᠲᠣᠰᠬᠤᠨ ᠬᠤᠶᠠᠷ ᠱᠠᠲᠤᠨ ᠤ ᠤᠨᠴᠠᠯᠢᠭᠳᠤ ᠠᠵᠢᠯ ᠤᠨ ᠬᠢᠯᠠᠰ ᠴᠡᠭ ᠢ ᠶᠡᠬᠡᠪᠡᠷ ᠤᠬᠠᠭᠤᠯᠵᠤ᠂ ᠰᠠᠶᠢᠨ ᠰᠠᠶᠢᠬᠠᠨ ᠣᠷᠴᠢᠨ ᠲᠣᠭᠤᠷᠢᠨ ᠤ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠬᠤᠳᠠ᠂ ᠪᠦᠬᠦ ᠣᠷᠣᠨ ᠳᠤ ᠲᠣᠭᠲᠠᠵᠤ ᠳᠡᠶᠢᠯᠬᠦ᠂ ᠴᠤᠤᠷᠢᠶᠠᠲᠤᠵᠤ ᠳᠡᠶᠢᠯᠬᠦ᠂ ᠳᠡᠯᠭᠡᠷᠡᠭᠦᠯᠵᠦ ᠳᠡᠶᠢᠯᠬᠦ‍ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠴᠢᠷᠮᠠᠶᠢᠨ ᠡᠭᠦᠳᠴᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ  ᠭᠡᠪᠡ᠃    ᠬᠤᠷᠠᠯ ᠠᠴᠠ ᠪᠠᠰᠠ ᠲᠠᠷᠠᠭᠠᠴᠢ ᠶᠢᠨ ᠠᠯᠬᠤᠮ ᠳᠤ ᠡᠯ᠎ᠡ ᠰᠢᠶᠠᠩ ᠪᠠᠯᠭᠠᠰᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢᠨ  ᠭᠦᠢᠴᠡᠳᠭᠡᠯ  ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃                                                 ᠨᠠᠶᠢᠷᠠᠭᠤᠯᠤᠭᠴᠢ᠄    ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2