ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 30 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/9/9
   ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 30 ᠳ᠋ᠤᠭᠠᠷ ᠲᠣᠭᠠᠲᠤ ᠠᠯᠪᠠᠨ ᠵᠠᠷ    ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠠᠯᠪᠠᠨ ᠵᠠᠷ ᠥᠷᠭᠡᠨ ᠤᠯᠠᠨ ᠰᠠᠭᠤᠭᠠᠯᠢ  ︵ᠲᠣᠰᠬᠤᠨ ᠤ︶ ᠠᠷᠠᠳ ᠤᠨ  ᠨᠠᠶᠢᠵᠠ ᠨᠠᠷ ᠠ᠄    ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ  ᠱᠠᠳᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨ ᠯᠡ ᠮᠢᠨᠴᠦᠭᠦᠷᠡᠨ ᠲᠠᠶᠢᠪᠤᠰᠢᠷᠠᠵᠤ᠂ ᠰᠣᠨᠣᠷ ᠰᠡᠷᠡᠮᠵᠢ ᠪᠠᠨ ᠰᠤᠯᠠᠷᠠᠭᠤᠯᠵᠤ ᠪᠣᠯᠬᠤ ᠥᠬᠡᠶ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢᠶᠠᠨ ᠡᠷᠡᠰ ᠪᠠᠲᠤᠳᠬᠠᠬᠤ ᠬᠡᠷᠡᠭᠲᠡᠶ᠃ ᠡᠳᠦᠭᠡ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠲᠣᠰ ᠡᠳᠦᠷ ᠠᠴᠠ ᠡᠬᠢᠯᠡᠨ᠂ ᠬᠤᠲᠠ ᠶᠢᠨ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠰᠢᠶᠠᠨ ᠤ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ︽ᠥᠪᠥᠷ ᠮᠣᠩᠭᠤᠯ ᠤᠨ ᠲᠦᠷᠭᠡᠨ ᠬᠡᠮᠵᠢᠯᠲᠡ ᠶᠢᠨ ᠠᠯᠪᠠᠨ ᠬᠡᠷ︾ ᠢ ᠤᠷᠢᠳᠴᠢᠯᠠᠨ ᠪᠠᠭᠤᠯᠭᠠᠨ ᠠᠪᠴᠤ ᠳᠠᠩᠰᠠᠯᠠᠭᠤᠯᠤᠨ᠂ ︽ ᠮᠦᠩᠬᠡ ᠰᠤᠪᠠᠭ  ᠤᠨ ᠺᠣᠳ᠋︾ ᠢ ᠲᠣᠪᠴᠢᠳᠠᠪᠠᠯ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠨ ᠦᠵᠡᠭᠦᠯᠬᠦ ᠶᠢᠨ ᠬᠠᠮᠲᠤ 3 ᠡᠳᠦᠷ ᠤᠨ 2 ᠪᠠᠶᠢᠴᠠᠭᠠᠯᠲᠠ ᠬᠢᠬᠦ ᠬᠡᠷᠡᠭᠲᠡᠶ ︵1 ᠳ᠋ᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠤᠬᠠᠶ ᠶᠢᠨ ᠭᠠᠵᠠᠷ ᠲᠤᠨᠢ ᠶᠠᠪᠤᠭᠤᠯᠵᠤ᠂ 2 ᠳ᠋ᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠮᠠᠨ ᠤ ᠰᠢᠶᠠᠨ ᠳᠤ ᠬᠦᠷᠦᠭᠰᠡᠨ ᠤ ᠳᠠᠷᠠᠭᠠᠬᠢ 24 — 72 ᠴᠠᠭ ᠤᠨ ᠳᠣᠲᠣᠷ᠎ᠠ ᠬᠢᠵᠦ ᠳᠠᠭᠤᠰᠬᠠᠬᠤ ᠬᠡᠷᠡᠭᠲᠡᠶ︶᠃    ᠬᠤᠶᠠᠷ᠂ ᠣᠶᠢᠷ᠎ᠠ ᠶᠢᠨ 7 ᠡᠳᠦᠷ ᠤᠨ ᠳᠣᠲᠣᠷ᠎ᠠ ᠬᠠᠶᠢᠨᠠᠨ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠳᠤ ᠵᠤᠭᠠᠴᠠᠨ ᠰᠠᠭᠤᠭᠰᠠᠨ ᠲᠡᠦᠬᠡ ᠲᠠᠢ᠂ ᠡᠷᠢᠶᠡᠨ ᠬᠤᠲᠠ ᠵᠡᠷᠭᠡ ᠬᠠᠭᠤᠷᠠᠶ ᠵᠠᠮ ᠤᠨ ᠪᠣᠭᠤᠮᠲᠠ ᠶᠢᠨ ᠬᠤᠲᠠ ᠶᠢᠨ ᠵᠤᠭᠠᠴᠠᠯ ᠤᠨ ᠲᠡᠦᠬᠡ ᠵᠢᠴᠢ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠢᠷᠡᠭᠰᠡᠨ ᠪᠤᠶᠤ ᠪᠤᠴᠠᠵᠤ ᠢᠷᠡᠭᠰᠡᠨ ᠮᠠᠨ ᠤ ᠰᠢᠶᠠᠨ ᠤ ᠬᠥᠮᠦᠰ᠂ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ ᠪᠤᠶᠤ ᠪᠠᠭᠤᠳᠠᠯ ᠳᠤ ᠪᠠᠭᠤᠬᠤ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠮᠠᠨ ᠤ ᠰᠢᠶᠠᠨ ᠳᠤ ᠬᠦᠷᠦᠭᠰᠡᠨ ᠤ ᠳᠠᠷᠠᠭ᠎ᠠ ︽3 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ 7 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠥᠬᠡᠶ᠂ ᠬᠤᠶᠠᠳᠠᠬᠢ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠡᠷ ᠲᠤᠨᠢ ᠬᠦᠷᠴᠦ ᠴᠤᠭᠯᠠᠭᠤᠯᠤᠨ᠎ᠠ᠃    ᠭᠤᠷᠪᠠ᠂ ᠬᠠᠶᠢᠨᠠᠨ᠂ ᠲᠥᠪᠡᠳ᠂ ᠰᠢᠨᠵᠢᠶᠠᠩ ᠵᠢᠴᠢ ᠡᠷᠢᠶᠡᠨ ᠬᠤᠲᠠ ᠵᠡᠷᠭᠡ ᠬᠠᠭᠤᠷᠠᠶ ᠵᠠᠮ ᠤᠨ ᠪᠣᠭᠤᠮᠲᠠ ᠶᠢᠨ ᠬᠤᠲᠠ ᠶᠢ ᠭᠠᠷᠭᠠᠪᠠᠯ᠂ ᠪᠤᠰᠤᠳ ᠬᠤᠲᠠ ᠶᠢᠨ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠰᠢᠶᠠᠨ ᠤ ᠬᠥᠮᠦᠰ ᠥᠪᠡᠰᠦᠪᠡᠨ ᠬᠤᠶᠠᠳᠠᠬᠢ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ 7 ᠡᠳᠦᠷ ᠤᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠨ᠎ᠠ᠂ ᠬᠤᠶᠠᠷ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠢ ᠣᠯᠵᠤ ᠮᠡᠳᠡᠬᠦ ᠠᠴᠠ ᠡᠮᠦᠨ᠎ᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠵᠤ ᠪᠣᠯᠬᠤ ᠥᠬᠡᠶ᠂ ᠬᠠᠮᠲᠤ ᠬᠤᠭᠤᠯᠠᠯᠠᠵᠤ ᠂ ᠴᠤᠭᠯᠠᠵᠤ ᠪᠣᠯᠬᠤ ᠥᠬᠡᠶ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃    ᠳᠥᠷᠪᠡ᠂ ᠳᠠᠶᠢᠯᠠᠯᠭ᠎ᠠ ᠶᠢ ᠳᠠᠭᠠᠭᠠᠨ ᠡᠷᠭᠢᠯᠡᠬᠦ ᠵᠣᠴᠢᠳ ᠤᠨ ᠪᠠᠭᠤᠳᠠᠯ ︵ᠬᠤᠭᠤᠯᠠᠨ ᠬᠡᠷ︶ ᠵᠡᠷᠭᠡ ᠢᠳᠡᠭᠡᠨ ᠤᠮᠳᠠᠭᠠᠨ ᠤ  ᠤᠶᠢᠯᠡᠴᠢᠯᠡᠭᠡ ᠬᠠᠩᠭᠠᠬᠤ ᠡᠵᠡᠩᠨᠡᠯᠲᠡ ᠶᠢᠨ ᠭᠤᠤᠯ ᠴᠣᠭᠴᠠ ᠪᠦᠬᠦᠨ ᠳᠤ ᠳᠠᠶᠢᠯᠠᠯᠭ᠎ᠠ ᠳᠤ ᠣᠷᠣᠯᠴᠠᠭᠰᠠᠳ ᠤᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ︵ᠠᠵᠢᠯᠯᠠᠵᠤ ᠪᠠᠶᠢᠭ᠎ᠠ ᠬᠥᠮᠦᠰ ᠢ ᠮᠥᠨ ᠬᠦ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠴᠠᠭᠠᠨ ᠰᠢᠯᠭᠠᠨ᠎ᠠ︶ ᠶᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠶ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠠᠶᠢᠯᠠᠯᠭ᠎ᠠ ᠶᠢᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠯᠲᠠ ᠶᠢ ᠨᠠᠶᠢᠳᠠᠪᠤᠷᠢᠵᠢᠭᠤᠯᠤᠭᠠᠳᠤᠶ ᠡᠵᠡᠩᠨᠡᠯᠲᠡ ᠶᠢᠨ ᠭᠤᠤᠯ ᠴᠣᠭᠴᠠ ᠶᠢ ᠵᠠᠷᠯᠢᠭᠳᠠᠵᠤ ᠪᠠᠶᠢᠭᠠᠳ ᠬᠠᠭᠠᠵᠤ ᠵᠣᠭᠰᠣᠭᠠᠨ ᠴᠡᠭᠴᠡᠯᠡᠭᠦᠯᠬᠦ ᠬᠡᠷᠡᠭᠲᠡᠶ᠃    ᠲᠠᠪᠤ᠂ ᠲᠣᠰ ᠡᠳᠦᠷ ᠠᠴᠠ ᠡᠬᠢᠯᠡᠨ᠂ ᠪᠥᠬᠦ ᠰᠢᠶᠠᠨ ᠤ ᠬᠥᠮᠦᠰ ᠲᠤ ᠭᠠᠷᠠᠭ ᠪᠦᠷᠢ ᠨᠢᠭᠡ ᠤᠳᠠᠭ᠎ᠠ  ᠰᠤᠶᠢᠳᠭᠡᠯ ᠬᠤᠷᠢᠶᠠᠬᠤ ᠥᠬᠡᠶ ᠪᠠᠷ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ︵ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠬᠤ ᠬᠥᠮᠦᠰ ᠤᠨ ᠪᠠᠶᠢᠴᠠᠭᠠᠨ ᠰᠢᠯᠭᠠᠬᠤ ᠦᠶᠡᠯᠡᠯ ᠤᠨ ᠬᠤᠭᠤᠴᠠᠭ᠎ᠠ ᠶᠢ ᠮᠥᠨ ᠤᠤᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ︶ ᠬᠠᠩᠭᠠᠨ᠎ᠠ᠂ ᠪᠥᠬᠦ ᠰᠢᠶᠠᠨ ᠢᠶᠠᠷ ᠢᠶᠠᠨ ᠰᠤᠶᠢᠳᠭᠡᠯ ᠬᠤᠷᠢᠶᠠᠬᠤ ᠥᠬᠡᠶ ᠪᠠᠷ ᠪᠥᠭᠡᠮ ᠬᠦᠴᠢᠯ ᠤᠨ ᠥᠯᠢᠭᠡᠷ ᠠᠪᠬᠤ ᠴᠡᠭ ᠢ 18 ︵ᠠᠷᠤ ᠳᠤᠨᠢ ᠳᠠᠭᠠᠯᠳᠤᠭᠤᠯᠪᠠ︶ ᠳᠣᠭᠢᠷᠠᠭᠤᠯᠤᠨ᠎ᠠ ᠂ ᠥᠯᠢᠭᠡᠷ ᠠᠪᠬᠤ ᠴᠠᠭ ᠨᠢ᠄ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14 ᠄ 30 — 17᠄ 00 ᠪᠣᠯᠤᠨ᠎ᠠ᠃ 8 ᠰᠠᠷ᠎ᠠ ᠶᠢᠨ 24 ᠤ ᠡᠳᠦᠷ ᠠᠴᠠ ᠡᠬᠢᠯᠡᠨ᠂ ᠪᠥᠬᠦ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ  ᠤᠶᠢᠯᠡᠰ ᠤᠨ ᠨᠢᠭᠡᠴᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ ᠴᠥᠮ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠂ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ ᠬᠤᠯᠪᠣᠭᠳᠠᠯ ᠪᠥᠬᠦᠶ ᠲᠠᠯᠠᠪᠤᠷ ᠢᠶᠠᠷ ᠣᠷᠣᠵᠤ ᠭᠠᠷᠬᠤ ᠶᠢ ᠵᠥᠪᠰᠢᠶᠡᠷᠡᠬᠦ ᠥᠬᠡᠶ᠂ ᠥᠷᠭᠡᠨ ᠣᠯᠠᠨ ᠰᠠᠭᠤᠭᠠᠯᠢ ᠠᠷᠠᠳ ᠢ ᠤᠷᠢᠵᠤ ᠣᠶᠢᠷ᠎ᠠ ᠬᠠᠪᠢ ᠶᠢᠨ ᠥᠯᠢᠭᠡᠷ ᠠᠪᠬᠤ ᠭᠠᠵᠠᠷ ᠲᠤ ᠣᠴᠢᠭᠤᠯᠤᠨ ᠡᠮᠬᠢ ᠵᠢᠷᠤᠮ ᠲᠠᠢ᠂ ᠣᠷᠭᠢᠯ ᠦᠶ᠎ᠡ ᠶᠢ ᠵᠥᠷᠢᠭᠦᠯᠦᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠴᠢᠩᠭ᠎ᠠ ᠬᠡᠷᠡᠭᠵᠢᠭᠦᠯᠦᠭᠰᠡᠨ ᠥᠬᠡᠶ ᠶᠢ ᠨᠢ ᠬᠠᠤᠯᠢ ᠶᠣᠰᠣᠭᠠᠷ ᠴᠢᠩᠭ᠎ᠠ  ᠰᠢᠢᠳᠪᠤᠷᠢᠡᠯᠬᠦ ᠬᠡᠷᠡᠭᠲᠡᠶ᠃    ᠵᠢᠷᠭᠤᠭ᠎ᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠣᠯᠤᠭ᠎ᠠ᠂ ᠪᠤᠰᠤᠳ ᠳᠤᠮᠳᠠ᠂ ᠠᠶᠤᠯ ᠲᠦᠭᠰᠢᠭᠦᠷᠢ ᠶᠡᠬᠡᠲᠡᠶ ᠵᠡᠷᠭᠡ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠵᠢᠴᠢ ᠨᠢᠭᠤᠴᠠ ᠪᠠᠷ  ᠤᠶᠢᠷᠠᠳᠤᠭᠰᠠᠳ᠂ ᠳᠡᠳ᠋ ᠨᠢᠭᠤᠴᠠ ᠪᠠᠷ  ᠤᠶᠢᠷᠠᠳᠤᠭᠰᠠᠳ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠯᠢᠶᠠᠩᠴᠧᠩ ᠰᠢᠶᠠᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022︶ ᠤᠨ 24 ᠳ᠋ᠦᠭᠡᠷ ᠲᠣᠭᠠᠲᠤ ᠠᠯᠪᠠᠨ ᠵᠠᠷ ᠶᠣᠰᠣᠭᠠᠷ ᠬᠡᠷᠡᠭᠵᠢᠭᠦᠯᠦᠨ᠎ᠡ᠃                 ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ                    ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                        2022 ᠣᠨ ᠤ 8 ᠰᠠᠷ᠎ᠠ ᠶᠢᠨ 24 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2