ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/9
  9 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ‍ᠤᠤᠢ ᠵᠢᠶᠠᠨ ᠹᠧᠩ᠂ ᠵᠢᠶᠠ ᠰᠢᠶᠤᠤ ᠫᠢᠩ᠂ ᠵᠧᠩ ᠶᠠᠨ ᠹᠠᠩ᠂ ᠹᠧᠩ ᠵᠢᠶᠦ᠋ᠨ᠂ ᠶᠠᠩ ᠬᠤᠩ᠂ ᠵᠠᠶ ᠵᠢᠶ ᠴᠢᠩ ᠬᠤᠷᠠᠯ ᠳᠤ ᠣᠷᠣᠯᠴᠠᠵᠠᠶ᠃    ᠬᠤᠷᠠᠯ ᠠᠴᠠ ᠬᠡᠯᠡᠯᠴᠡᠭᠡᠷ ᠤᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠶᠠᠪᠤᠳᠠᠯ ᠢ ᠰᠤᠳᠤᠯᠵᠤ᠂ 2022 — 2023 ᠣᠨ ᠤ ᠡᠪᠦᠯ ᠤᠨ ᠤᠯᠠᠷᠢᠯ ᠤᠨ ᠲᠠᠷᠢᠶᠠᠴᠢᠳ ᠤᠨ ᠢᠯᠴᠢ ᠬᠠᠩᠭᠠᠬᠤ ᠨᠡᠭᠦᠷᠡᠰᠦ ᠰᠢᠲᠠᠭᠠᠬᠤ ᠪᠠᠲᠤᠯᠠᠭ᠎ᠠ ᠶᠢᠨ ᠠᠵᠢᠯ ᠪᠠ ᠡᠪᠦᠯ ᠤᠨ ᠤᠯᠠᠷᠢᠯ ᠤᠨ ᠢᠯᠴᠢ ᠬᠠᠩᠭᠠᠬᠤ ᠪᠡᠯᠡᠳᠬᠡᠯ ᠤᠨ ᠪᠠᠶᠢᠳᠠᠯ ᠢ ᠰᠣᠨᠣᠰᠴᠤ᠂ ︽ᠯᠢᠶᠠᠩᠴᠧᠩ ᠰᠢᠶᠠᠨ ᠤ ᠠᠶᠤᠯ ᠥᠬᠡᠶ  ᠤᠶᠢᠯᠡᠳᠪᠤᠷᠢᠯᠡᠯ ᠤᠨ ︿ᠠᠷᠪᠠᠨ ᠲᠠᠪᠤᠨ ᠵᠤᠷᠪᠤᠰ﹀ ᠤᠨ ᠬᠠᠲᠠᠭᠤ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠪᠠ ︽ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠷᠴᠢᠮᠵᠢᠭᠦᠯᠦᠨ ᠠᠷᠪᠢᠯᠠᠬᠤ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠢ ᠬᠢᠨᠠᠨ ᠲᠣᠭᠲᠠᠭᠠᠵᠤ᠂ ︽ᠯᠢᠶᠠᠩᠴᠧᠩ ᠰᠢᠶᠠᠨ ᠤ ᠬᠠᠭᠤᠷᠠᠶ ᠠᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠵᠥᠪᠰᠢᠶᠡᠷᠡᠨ ᠣᠷᠣᠭᠤᠯᠬᠤ ᠪᠠ ᠬᠠᠮᠢᠶᠠᠷᠤᠯᠲᠠ ᠶᠢᠨ ᠵᠢᠷᠤᠮᠵᠢᠯ︾ ᠪᠠ ︽ᠯᠢᠶᠠᠩᠴᠧᠩ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ  ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ  ᠵᠦᠪᠯᠡᠵᠠᠢ᠃        ᠬᠤᠷᠠᠯ ᠠᠴᠠ᠂ ᠢᠯᠴᠢ ᠬᠠᠩᠭᠠᠬᠤ ᠰᠢᠲᠠᠭᠠᠯᠭ᠎ᠠ ᠶᠢᠨ ᠨᠡᠭᠦᠷᠡᠰᠦ ᠶᠢᠨ ᠪᠠᠲᠤᠯᠠᠪᠤᠷᠢ ᠶᠢᠨ ᠠᠵᠢᠯ ᠪᠣᠯ ᠪᠦᠬᠦ ᠰᠢᠶᠠᠨ ᠤ ᠡᠪᠦᠯ ᠤᠨ ᠤᠯᠠᠷᠢᠯ ᠤᠨ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠨᠡᠬᠦ ᠬᠠᠷᠠᠯᠲᠠ ᠪᠠᠷ ᠭᠤᠣᠯᠳᠠᠭᠤᠯᠵᠤ᠂ ᠨᠡᠭᠦᠷᠡᠰᠦᠨ ᠤ ᠲᠤᠭ᠎ᠠ  ᠬᠡᠮᠵᠢᠶ᠎ᠡ ᠪᠣᠯᠤᠨ ᠶᠠᠰᠤ ᠴᠢᠨᠠᠷ ᠢ ᠪᠠᠲᠤᠯᠠᠵᠤ᠂ ᠨᠡᠭᠦᠷᠡᠰᠦ ᠶᠢ ᠴᠠᠭ ᠲᠤᠬᠠᠢ ᠳᠤᠨᠢ ᠲᠠᠷᠢᠶᠠᠴᠢᠳ ᠲᠤ ᠭᠠᠷᠳᠠᠭᠤᠯᠬᠤ ᠶᠢ ᠪᠠᠲᠤᠯᠠᠬᠤ ᠬᠡᠷᠡᠭᠲᠡᠢ᠃ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠯᠴᠢ ᠬᠠᠩᠭᠠᠬᠤ ᠠᠴᠠ ᠡᠮᠦᠨᠡᠬᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠡᠯ᠎ᠡ  ᠵᠤᠶᠢᠯ ᠤᠨ ᠪᠡᠯᠡᠳᠬᠡᠯ ᠠᠵᠢᠯ ᠢ ᠢᠳᠡᠪᠬᠢᠲᠡᠶ ᠰᠠᠶᠢᠲᠤᠷ ᠬᠢᠵᠦ᠂ ᠴᠠᠭ ᠲᠤᠬᠠᠶ ᠳᠤᠨᠢ ᠴᠢᠨᠠᠷ ᠰᠠᠶᠢᠲᠠᠶ ᠢᠯᠴᠢ ᠬᠠᠩᠭᠠᠬᠤ ᠶᠢ ᠪᠠᠲᠤᠯᠠᠬᠤ ᠬᠡᠷᠡᠭᠲᠡᠶ᠃ ᠪᠦᠬᠦ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠬᠢ ᠪᠠᠶᠠᠯᠢᠭ ᠢ ᠠᠷᠪᠢᠯᠠᠬᠤ ᠵᠥᠪ ᠦᠵᠡᠯᠲᠡ ᠶᠢ ᠪᠤᠢ ᠪᠣᠯᠭᠠᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ ᠠᠷᠠᠳ ᠢᠶᠠᠷ ᠢᠶᠠᠨ ᠠᠷᠪᠢᠯᠠᠨ ᠭᠠᠮᠨᠠᠬᠤ ᠰᠠᠨᠠᠭᠠᠴᠢᠯᠠᠭᠠᠲᠤ ᠤᠬᠠᠮᠰᠠᠷ ᠪᠠ ᠨᠡᠶᠢᠭᠡᠮ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ᠡᠯ᠎ᠡ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠦᠨᠡᠨᠬᠦ  ᠭᠦᠢᠴᠡᠳᠭᠡᠵᠦ᠂ ᠠᠪᠤᠷᠠᠨ ᠲᠤᠰᠠᠯᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ᠂ ᠰᠣᠶᠣᠯ ᠪᠡᠶ᠎ᠡ ᠶᠢᠨ ᠲᠠᠮᠢᠷ ᠵᠢᠴᠢ ᠬᠠᠷᠰᠢ ᠰᠠᠭᠠᠳ ᠥᠬᠡᠶ  ᠤᠶᠢᠯᠡᠴᠢᠯᠡᠭᠡ ᠵᠡᠷᠭᠡ ᠡᠯ᠎ᠡ  ᠵᠤᠶᠢᠯ ᠤᠨ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠯᠢᠶᠠᠩᠴᠧᠩ ᠤᠨ ᠬᠠᠭᠤᠷᠠᠢ ᠠᠮᠤ ᠪᠤᠳᠠᠭ᠎ᠠ︾ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠠᠷᠭ᠎ᠠ  ᠬᠡᠮᠵᠢᠶ᠎ᠡ ᠪᠠᠷ ︿ᠯᠢᠶᠠᠩᠴᠧᠩ ᠤᠨ ᠬᠠᠭᠤᠷᠠᠢ ᠠᠮᠤ ᠪᠤᠳᠠᠭ᠎ᠠ﹀ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ᠯᠢᠶᠠᠩᠴᠧᠩ ᠤᠨ ᠲᠠᠷᠢᠶᠠᠯᠠᠩ ᠤᠨ ᠠᠵᠤ ᠦᠢᠯᠡᠰ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠨᠠᠶᠢᠷᠠᠭᠤᠯᠤᠭᠴᠢ᠄    ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2