2020 ᠣᠨ ᠳᠤ ᠯᠢᠶᠠᠩᠴᠧᠩ ᠰᠢᠶᠠᠨ  ᠳᠤ ᠰᠣᠩᠭᠤᠨ  ᠲᠤᠮᠢᠯᠠᠭᠰᠠᠨ ᠶᠠᠩ ᠶᠠᠩ ᠤᠨ ᠲᠤᠬᠠᠶ ᠲᠡᠮᠳᠡᠭᠯᠡᠯ 
ᠨᠡᠶᠢᠲᠡᠯᠡᠭᠰᠡᠨ ᠴᠠᠭ᠄
2022/9/9
   ᠨᠢᠳᠦ ᠢᠷᠮᠡᠬᠦ ᠶᠢᠨ ᠵᠠᠭᠤᠷ᠎ᠠ ᠪᠢ ᠵᠢᠷᠭᠤᠳᠤᠭᠠᠷ ᠰᠤᠮᠤ ᠪᠠᠯᠭᠠᠰᠤᠨ ᠳᠤ ᠬᠤᠶᠠᠷ ᠬᠠᠪᠤᠷ ᠨᠠᠮᠤᠷ ᠢᠶᠠᠨ ᠥᠩᠭᠡᠷᠡᠭᠡᠯ᠎ᠡ᠂ ᠦᠨᠳᠦᠰᠦᠨ ᠱᠠᠲᠤᠨ ᠤ ᠵᠢᠯ ᠭᠠᠷᠤᠶ ᠶᠢᠨ ᠳᠠᠪᠲᠠᠯᠲᠠ ᠨᠢ ᠨᠠᠮᠠᠶᠢ ︽ᠪᠢᠴᠢᠭ ᠤᠨ ᠬᠥᠮᠦᠨ ᠤ ᠠᠭᠤᠷ ᠠᠮᠢᠰᠬᠤᠯ︾ ᠠᠴᠠ ᠠᠩᠭᠢᠵᠢᠷᠠᠭᠤᠯᠵᠤ᠂ ᠵᠢᠯ ᠭᠠᠷᠤᠶ ᠶᠢᠨ ᠠᠵᠢᠯ ᠤᠨ ᠴᠠᠭ ᠮᠥᠴᠡ ᠳᠤ ᠮᠢᠨᠦ ᠬᠦᠯ ᠳᠣᠣᠷ᠎ᠠ ︽ᠰᠢᠪᠠᠷ ᠰᠢᠷᠣᠶ ᠶᠢᠨ ᠠᠩᠬᠢᠯᠤᠮ᠎ᠠ︾ ᠪᠢᠯᠬᠠᠭᠤᠯᠪᠠ᠃ ᠵᠢᠯ ᠭᠠᠷᠤᠶ ᠶᠢᠨ ᠬᠤᠭᠤᠴᠠᠭᠠᠨ ᠳᠤ ᠪᠢ ᠰᠠᠶ᠋ᠢ ᠲᠦᠷᠦᠭᠰᠡᠨ ︽ᠲᠤᠭᠤᠯ︾ ᠠᠴᠠ ᠪᠠᠨ ᠠᠷᠠᠳ ᠲᠦᠮᠡᠨ ᠳᠤ ᠦᠢᠯᠡᠴᠢᠯᠡᠬᠦ ︽ᠬᠠᠷ᠎ᠠ ᠲᠡᠷᠢᠭᠦᠲᠡᠨ︾᠂ ︽ᠠᠳᠠᠷ ᠬᠠᠭᠠᠯᠪᠤᠷᠢᠯᠠᠬᠤ ᠦᠬᠡᠷ︾᠂ ︽ᠠᠷᠠᠯ ᠤᠨ ᠱᠠᠷ︾ ᠪᠣᠯᠤᠨ ᠬᠤᠪᠢᠷᠠᠵᠠᠶ᠃ ᠡᠨᠡ ᠨᠢ ᠨᠠᠮᠠᠶᠢ ᠰᠠᠶ᠋ᠢ ᠲᠦᠷᠦᠭᠰᠡᠨ ︽ᠲᠤᠭᠤᠯ︾ ᠠᠴᠠ ᠪᠠᠨ ᠠᠷᠠᠳ ᠲᠦᠮᠡᠨ ᠳᠤ ᠦᠢᠯᠡᠴᠢᠯᠡᠬᠦ ︽ᠬᠠᠷ᠎ᠠ ᠲᠡᠷᠢᠭᠦᠲᠡᠨ︾᠂ ︽ᠠᠳᠠᠷ ᠬᠠᠭᠠᠯᠪᠤᠷᠢᠯᠠᠬᠤ ᠦᠬᠡᠷ︾᠂ ︽ᠠᠷᠠᠯ ᠤᠨ ᠱᠠᠷ︾ ᠪᠣᠯᠭᠠᠭᠰᠠᠨ ᠪᠠᠶᠢᠨ᠎ᠠ᠃ ᠰᠢᠷᠣᠶ ᠬᠤᠷᠠᠮᠳᠤᠭᠠᠳ ᠠᠭᠤᠯᠠ ᠪᠣᠯᠵᠤ᠂ ᠤᠰᠤ ᠬᠤᠷᠠᠮᠳᠤᠭᠠᠳ ᠳᠠᠯᠠᠶ ᠪᠣᠯᠵᠤ᠂ ᠬᠡᠰᠡᠭ ᠪᠤᠰᠠᠭ ᠶᠠᠭᠠᠷᠠᠤ ᠪᠠ ᠵᠢᠵᠢᠭ ᠰᠠᠵᠢᠭ ᠤᠴᠢᠷ ᠶᠠᠪᠤᠳᠠᠯ ᠨᠢ ᠶᠠᠭ ᠯᠠ ᠵᠢᠵᠢᠭ ᠴᠢᠯᠠᠭᠤ ᠰᠢᠭ᠋ ᠥᠪᠡᠷ ᠤᠨ ᠰᠣᠩᠭᠤᠯᠲᠠ ᠶᠢᠨ ᠵᠠᠮ ᠢᠶᠠᠨ ᠳᠡᠪᠢᠰᠴᠦ᠂ ᠡᠨᠡ ᠵᠠᠮ ᠳᠤ ᠣᠯᠵᠤ ᠦᠵᠡᠭᠰᠡᠨ ᠵᠦᠢᠯ ᠨᠢ ᠪᠦᠷ ᠥᠰᠦᠨ ᠪᠤᠶᠢᠵᠢᠵᠤ᠂ ᠲᠡᠭᠦᠨ ᠤ ᠳᠣᠲᠣᠷᠠᠬᠢ ᠠᠮᠲᠠ ᠰᠢᠮᠲᠡ ᠨᠢ ᠪᠦᠷ ᠬᠤᠷᠢᠶᠠᠯᠲᠠ ᠪᠣᠯᠤᠨ᠎ᠠ᠃
       ᠨᠢᠭᠡ᠂ ᠰᠢᠮᠳᠠᠨ ᠰᠤᠷᠤᠯᠴᠠᠵᠤ᠂ ᠤᠬᠠᠮᠰᠠᠷ ᠠᠴᠠ ᠪᠠᠨ ᠳᠠᠪᠲᠠᠨ ᠪᠣᠯᠪᠠᠰᠤᠷᠠᠵᠤ᠂ ᠨᠢᠭᠡᠳᠦᠭᠡᠷ ᠹᠷᠣᠨᠲ ᠤᠨ ︽ᠲᠠᠭᠠᠭᠤᠯᠤᠭᠴᠢ︾ ᠪᠣᠯᠬᠤ ᠪᠠᠷ ᠴᠢᠷᠮᠠᠶᠢᠬᠤ ᠬᠡᠷᠡᠭᠲᠡᠢ    ᠥᠩᠭᠡᠷᠡᠭᠰᠡᠨ ᠨᠢᠭᠡ ᠵᠢᠯ ᠳᠤ᠂ ᠬᠡᠳᠦ᠋ᠢᠪᠡᠷ ᠦᠨᠳᠦᠰᠦᠨ ᠱᠠᠲᠤᠨ ᠤ ᠠᠵᠢᠯ ᠨᠡᠯᠢᠶᠡᠳ ᠶᠠᠭᠠᠷᠠᠤ ᠪᠠᠶᠢᠭᠰᠠᠨ ᠴᠤ ᠂ ᠪᠢ ᠥᠪᠡᠷ ᠤᠨ ᠰᠢᠨᠲᠠᠷᠠᠰᠢ ᠦᠭᠡᠢ ᠰᠤᠷᠤᠯᠴᠠᠬᠤ ᠳᠠᠳᠬᠠᠯ ᠢᠶᠠᠨ ᠬᠥᠮᠦᠵᠢᠭᠦᠯᠬᠦ ᠶᠢ ᠪᠠᠷᠢᠮᠲᠠᠯᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠ ᠨᠣᠮ ᠤᠩᠰᠢᠬᠤ ᠠᠩᠬᠢ ᠶᠢᠨ ᠮᠠᠲ᠋ᠧᠷᠢᠶᠠᠯ ᠢ ᠪᠡᠯᠡᠳᠬᠡᠬᠦ ᠶᠠᠪᠤᠴᠠ ᠳᠤ᠂ ᠠᠵᠢᠯ ᠤᠨ ᠴᠢᠯᠥᠭᠡ ᠪᠠᠷ ᠢᠶᠠᠨ ᠪᠢ ᠨᠠᠮ ᠤᠨ ᠤᠨᠤᠯ ᠤᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠵᠤ᠂ ᠥᠪᠡᠷ ᠤᠨ ᠤᠯᠤᠰ ᠲᠦᠷᠦ ᠤᠨᠤᠯ ᠤᠨ ᠲᠦᠪᠰᠢᠨ ᠪᠠ ᠦᠵᠡᠯ ᠰᠠᠨᠠᠭ᠎ᠠ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ ᠤᠨᠤᠯ ᠤᠨ ᠰᠤᠷᠤᠯᠴᠠᠯᠭ᠎ᠠ ᠶᠢ ᠪᠣᠳᠠᠲᠠᠢ ᠶᠢᠨ ᠪᠣᠯᠪᠠᠰᠤᠷᠠᠯ ᠲᠠᠢ ᠤᠶᠠᠯᠳᠤᠭᠤᠯᠵᠠᠢ᠃ ᠡᠩ ᠤᠨ ᠡᠳᠦᠷ ᠤᠨ ᠠᠵᠢᠯ ᠤᠨ ᠳᠤᠮᠳᠠ ᠪᠠᠨ ᠠᠯᠪᠠᠨ ᠪᠢᠴᠢᠭ ᠰᠢᠶ᠋ᠳᠪᠦᠷᠢᠯᠡᠬᠦ᠂ ᠬᠤᠷᠠᠯ ᠤᠨ ᠶᠠᠪᠤᠳᠠᠯ ᠤᠨ ᠶᠡᠷᠦ ᠶᠢᠨ ᠮᠡᠳᠡᠯᠭᠡ ᠵᠢᠴᠢ ᠠᠯᠪᠠᠨ ᠬᠡᠷ ᠤᠨ ᠠᠵᠢᠯᠯᠠᠭᠠᠨ ᠤ ᠬᠠᠮᠢᠶ᠎ᠠ ᠪᠥᠬᠦᠶ ᠮᠡᠳᠡᠯᠭᠡ ᠠᠷᠭ᠎ᠠ ᠶᠢ ᠬᠢᠨᠠᠮᠠᠭᠠᠶ ᠰᠤᠷᠤᠯᠴᠠᠵᠤ᠂ ᠡᠳᠦᠷ ᠲᠤᠲᠤᠮ ᠤᠨ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠪᠠᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠡᠳᠦᠷ ᠲᠤᠲᠤᠮ ᠤᠨ ᠬᠤᠷᠠᠯ ᠢ ᠪᠡᠯᠡᠳᠬᠡᠬᠦ᠂ ᠪᠢᠴᠢᠭ ᠮᠠᠲ᠋ᠧᠷᠢᠶᠠᠯ ᠲᠤᠭᠤᠷᠪᠢᠬᠤ᠂ ᠲᠣᠪᠴᠢ ᠮᠡᠳᠡᠭᠡ ᠮᠡᠳᠡᠭᠦᠯᠦᠨ ᠬᠦᠷᠭᠡᠬᠦ᠂ ᠬᠥᠮᠦᠰ ᠤᠨ ᠬᠤᠭᠤᠷᠣᠨᠳᠣᠬᠢ ᠶᠠᠪᠤᠯᠴᠠᠭ᠎ᠠ ᠶᠢᠨ ᠦᠨᠳᠦᠰᠦᠨ ᠱᠠᠲᠤᠨ ᠤ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
       ᠬᠤᠶᠠᠷ᠂ ᠯᠠᠪᠳᠠᠭᠤᠨ ᠲᠣᠭᠲᠠᠭᠤᠨ ᠢᠶᠠᠷ ᠠᠷᠠᠳ ᠲᠦᠮᠡᠨ ᠤ ᠲᠥᠯᠥᠭᠡ ᠵᠢᠳᠬᠦᠵᠦ᠂ ᠦᠨᠳᠦᠰᠦᠨ ᠱᠠᠲᠤᠨ ᠤ ︽ᠡᠷᠭᠢ ᠱᠤᠷᠠᠭ︾ ᠢ ᠰᠠᠶᠢᠲᠤᠷ ᠬᠢᠬᠦ ᠬᠡᠷᠡᠭᠲᠡᠶ    ᠦᠨᠳᠦᠰᠦᠨ ᠱᠠᠲᠤᠨ ᠤ ᠠᠵᠢᠯ ᠤᠨ ᠳᠤᠮᠳᠠ᠂ ᠠᠶᠢᠯ ᠡᠷᠦᠬᠡ ᠳᠤ ᠣᠴᠢᠬᠤ᠂ ᠵᠥᠷᠢᠴᠡᠯ ᠢ ᠠᠷᠢᠯᠭᠠᠬᠤ᠂ ᠭᠠᠴᠠᠭᠠᠨ ᠤ ᠠᠷᠠᠳ ᠤᠨ ᠠᠮᠢᠳᠤᠷᠠᠯ ᠤᠨ ᠠᠰᠠᠭᠤᠳᠠᠯ ᠢ  ᠰᠢᠢᠳᠪᠤᠷᠢᠯᠡᠬᠦ ᠪᠣᠯ ᠪᠠᠰᠠ ᠴᠤ ᠰᠣᠩᠭᠤᠨ ᠰᠢᠯᠵᠢᠭᠦᠯᠬᠦ ᠡᠳᠦᠷ ᠲᠤᠲᠤᠮ ᠤᠨ ᠠᠵᠢᠯ ᠪᠣᠯᠤᠨ᠎ᠠ᠃ ᠮᠢᠨᠦ   ᠲᠠᠭᠠᠭᠠᠴᠢᠯᠠᠭᠰᠠᠨ ᠳ᠋ᠡ ᠭᠧ ᠯᠢᠶᠠᠩ ᠤᠨ ᠲᠣᠰᠬᠤᠨ ᠳᠤ ᠢᠷᠡᠭᠰᠡᠨ ᠤ ᠳᠠᠷᠠᠭ᠎ᠠ᠂ ᠪᠢ ᠰᠤᠷᠪᠤᠯᠵᠢᠯᠠᠨ ᠪᠠᠶᠢᠴᠠᠭᠠᠬᠤ ᠪᠠᠷ ᠳᠠᠮᠵᠢᠭᠠᠳ᠂ ᠶᠠᠳᠠᠭᠤ ᠬᠦᠴᠢᠷᠳᠡᠯᠲᠡᠢ ᠤᠯᠠᠨ ᠲᠦᠮᠡᠨ ᠪᠣᠯ ᠳ᠋ᠠ ᠯᠢᠶᠠᠩ ᠤᠨ ᠶᠠᠳᠠᠭᠤ ᠠᠴᠠ ᠠᠩᠭᠢᠵᠢᠷᠠᠭᠰᠠᠨ ᠯᠢᠦ ᠮᠧᠢ ᠯᠢᠨ ᠤ ᠬᠢᠨ ᠪᠣᠯᠤᠨ᠎ᠠ ᠭᠡᠵᠦ ᠲᠣᠭᠲᠠᠭᠠᠵᠠᠢ᠂ ᠬᠠᠪᠤᠷ ᠤᠨ ᠤᠯᠠᠷᠢᠯ ᠤᠨ ᠶᠡᠭᠡ ᠭᠠᠯ ᠵᠢᠴᠢ ᠡᠬᠡᠨᠡᠷ ᠤᠨ ᠬᠢᠨᠢ ᠪᠠᠶᠢᠴᠠᠭᠠᠵᠤ ᠭᠠᠷᠭᠠᠭᠰᠠᠨ ᠥᠮᠡᠨ ᠡᠪᠡᠳᠴᠢᠨ ᠨᠢ ᠲᠡᠭᠦᠨ ᠢ ᠶᠠᠳᠠᠭᠤ ᠬᠦᠴᠢᠷᠳᠡᠯᠲᠡᠢ ᠡᠷᠦᠭᠡ ᠪᠣᠯᠭᠠᠵᠠᠢ᠂ ᠪᠢ ᠲᠡᠳᠡᠨ ᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠭᠰᠠᠨ ᠪᠥᠭᠡᠳ ᠰᠣᠩᠭᠤᠨ ᠰᠢᠯᠵᠢᠭᠦᠯᠬᠦ ᠰᠤᠷᠤᠬᠴᠢ ᠶᠢᠨ ᠲᠤᠰᠬᠠᠢ ᠵᠠᠷᠤᠳᠠᠯ ᠢ ᠠᠰᠢᠭᠯᠠᠵᠤ᠂ ᠠᠮᠤ ᠪᠤᠳᠠᠭ᠎ᠠ᠂ ᠭᠤᠯᠢᠷ᠂ ᠲᠤᠰᠤ᠂ ᠲᠠᠷᠢᠶᠠᠯᠠᠩ ᠤᠨ ᠪᠠᠭᠠᠵᠢ ᠬᠡᠷᠡᠭᠰᠡᠯ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠨᠢ ᠦᠷᠭᠦᠯᠵᠢ ᠬᠦᠷᠭᠡᠵᠦ᠂ ᠲᠡᠭᠦᠨ ᠤ ︽ᠲᠤᠯᠭᠠᠮ᠎ᠠ  ᠠᠰᠠᠭᠤᠳᠠᠯ︾  ᠢ ᠨᠢ ᠰᠢᠢᠳᠪᠦᠷᠢᠯᠡᠵᠦ ᠥᠭᠴᠡᠢ᠃    ᠦᠨᠳᠦᠰᠦᠨ ᠱᠠᠲᠤᠨ ᠤ ᠠᠵᠢᠯ ᠤᠨ ︽ᠮᠢᠩᠭᠠᠨ ᠬᠡᠯᠬᠢᠶ᠎ᠡ ᠲᠦᠮᠡᠨ ᠬᠡᠯᠬᠢᠶ᠎ᠡ︾ ᠨᠢ ︽ᠲᠦᠭ ᠲᠦᠮᠡᠨ ᠠᠶᠢᠯ ᠡᠷᠦᠬᠡ︾ ᠲᠠᠢ ᠬᠤᠯᠪᠣᠯᠳᠤᠵᠤ᠂ ᠡᠭᠦᠷᠭᠡ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ ᠪᠠᠶᠢᠳᠠᠭ᠂ ᠰᠣᠩᠭᠤᠨ ᠰᠢᠯᠵᠢᠭᠦᠯᠦᠭᠰᠡᠨ ᠰᠣᠷᠣᠭᠴᠢ ᠠᠯᠢ ᠠᠵᠢᠯ ᠤᠨ ᠪᠠᠶᠢᠷᠢᠨ ᠳᠤ ᠪᠠᠶᠢᠭᠰᠠᠨ ᠴᠤ ᠴᠥᠮ ︽ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ︾ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠰᠠᠶᠢᠲᠤᠷ ᠥᠷᠨᠢᠭᠦᠯᠬᠦ ᠶᠢᠨ ᠲᠥᠯᠥᠭᠡ᠂ ᠪᠢ ᠰᠠᠨᠠᠭᠠᠴᠢᠯᠠᠭ᠎ᠠ ᠠᠴᠠ ᠪᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠡᠮᠴᠢ ᠰᠤᠪᠢᠯᠠᠭᠴᠢᠳ ᠢ ᠬᠠᠪᠰᠤᠷᠤᠨ ᠸᠠᠺᠼᠢᠨ ᠤ ᠲᠠᠷᠢᠯᠭ᠎ᠠ ᠶᠢᠨ ᠵᠢᠷᠭᠤᠳᠤᠭᠠᠷ ᠰᠤᠮᠤ ᠪᠠᠯᠭᠠᠰᠤ ᠨᠢ ᠪᠦᠬᠦ ᠰᠢᠶᠠᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠰᠠᠭᠤᠷᠢ ᠲᠤᠭ᠎ᠠ ᠶᠢᠨ ᠬᠤᠶᠠᠳᠤᠭᠠᠷ ᠶᠡᠭᠡ ᠰᠢᠶᠠᠩ ᠪᠠᠯᠭᠠᠰᠤ ᠪᠣᠯᠤᠭᠰᠠᠨ ᠤ ᠬᠤᠪᠢ ᠳᠤ᠂ ᠤᠷᠬᠢᠯ ᠤᠨ ᠬᠤᠭᠤᠴᠠᠭᠠᠨ ᠳᠤ ᠡᠳᠦᠷ ᠪᠦᠷᠢ ᠶᠢᠨ ᠲᠠᠷᠢᠯᠭ᠎ᠠ ᠶᠢᠨ ᠬᠥᠮᠦᠨ ᠤ ᠲᠤᠭ᠎ᠠ 800 ᠭᠠᠷᠤᠶ ᠬᠥᠮᠦᠨ ᠳᠤ ᠬᠦᠷᠴᠦ᠂ ᠸᠠᠺᠼᠢᠨ ᠤ ᠲᠠᠷᠢᠯᠭ᠎ᠠ ᠬᠢᠬᠦ ᠶᠢᠨ ᠬᠠᠮᠲᠤ ᠪᠠᠰᠠ ᠰᠤᠷᠪᠤᠯᠵᠢᠯᠠᠭ᠎ᠠ ᠬᠢᠬᠦ᠂ ᠤᠲᠠᠰᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠲᠠᠷᠢᠯᠭ᠎ᠠ ᠬᠢᠯᠭᠡᠭᠰᠡᠨ ᠥᠬᠡᠶ ᠲᠣᠰᠬᠤᠨ ᠤ ᠠᠷᠠᠳ ᠲᠤ ᠤᠬᠠᠭᠤᠯᠭ᠎ᠠ ᠳᠠᠶᠢᠴᠢᠯᠠᠯᠲᠠ ᠬᠢᠬᠦ ᠴᠢᠬᠤᠯᠠᠲᠠᠶ ᠪᠠᠶᠢᠳᠠᠭ᠂ ᠡᠳᠦᠷ ᠪᠦᠷᠢ ᠶᠢᠨ 14 ᠴᠠᠭ ᠤᠨ ᠥᠨᠳᠥᠷ ᠬᠦᠴᠦᠯᠡᠴᠡ ᠲᠠᠢ ᠠᠵᠢᠯ ᠨᠢ ᠨᠠᠩ ᠴᠤ ︽ᠡᠩ ᠤᠨ ᠬᠡᠷᠡᠭ︾ ᠪᠣᠯᠵᠠᠶ᠂ ᠲᠤᠬᠠᠶ ᠶᠢᠨ ᠦᠶ᠎ᠡ ᠳᠤ ᠨᠢᠭᠡ ᠨᠠᠰᠤᠲᠠᠨ᠄ ︽ᠪᠢᠴᠢᠬᠠᠨ ᠥᠬᠢᠨ ᠠᠮᠠᠷᠠᠭᠠᠳ ᠠᠪ᠂ ᠪᠢᠳᠡ ᠶᠠᠭᠠᠷᠠᠬᠤ ᠥᠬᠡᠶ᠂ ᠨᠢᠭᠡ ᠦᠳᠡ ᠶᠢᠨ ᠡᠮᠦᠨ᠎ᠡ ᠶᠡᠭᠡ ᠶᠠᠳᠠᠷᠠᠭᠰᠠᠨ ᠪᠢᠵᠡ︾ ᠭᠡᠵᠦ ᠬᠡᠯᠡᠵᠦ ᠪᠠᠶᠢᠪᠠ᠃ ᠨᠠᠳᠠ ᠳᠤ ᠭᠦᠨ ᠵᠤᠵᠠᠭᠠᠨ ᠬᠠᠯᠠᠭᠤᠨ ᠰᠡᠳᠬᠢᠯ ᠢ ᠮᠡᠳᠡᠷᠡᠭᠦᠯᠵᠦ᠂ ᠪᠠᠰᠠ ᠬᠦᠨᠳᠦ ᠨᠦᠰᠡᠷ ᠬᠠᠷᠢᠭᠤᠴᠠᠯᠭ᠎ᠠ ᠶᠢ ᠮᠡᠳᠡᠷᠡᠭᠦᠯᠦᠭᠰᠡᠨ ᠤ ᠬᠠᠮᠲᠤ ᠪᠢ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠠᠴᠠ ᠥᠪᠡᠷ ᠤᠨ ᠭᠡᠰᠡᠨ ᠦᠨ᠎ᠡ ᠦᠷᠳᠡᠭ ᠢᠶᠠᠨ ᠣᠯᠵᠤ ᠠᠪᠤᠯ᠎ᠠ᠃  
      ᠭᠤᠷᠪᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ᠂ ᠮᠡᠷᠡᠶᠢᠨ ᠲᠡᠮᠡᠴᠡᠵᠦ ᠤᠷᠤᠭᠰᠢᠯᠠᠨ ᠲᠠᠪᠰᠢᠵᠤ ︽ᠰᠢᠯᠢᠳᠡᠭ ᠠᠮᠵᠢᠯᠲᠠ︾ ᠶᠢ ᠪᠢᠴᠢᠭᠯᠡᠨ᠎ᠡ    ᠦᠨᠳᠦᠰᠦᠨ ᠱᠠᠲᠤᠨ ᠤ ᠰᠣᠩᠭᠤᠨ ᠲᠣᠬᠢᠷᠠᠭᠤᠯᠤᠭᠰᠠᠨ ᠵᠠᠯᠠᠭᠤ ᠨᠠᠰᠤ ᠨᠢ ᠰᠢᠪᠠᠷ ᠰᠢᠷᠣᠶ ᠶᠢᠨ ᠠᠭᠤᠷ ᠠᠮᠢᠰᠬᠤᠯ ᠢᠶᠠᠷ ᠳᠦᠭᠦᠷᠴᠦ᠂ ᠪᠣᠷᠣᠭᠠᠨ ᠤ ᠳᠠᠷᠠᠭᠠᠬᠢ ᠤᠰᠤᠨ ᠠᠭᠤᠷ ᠪᠠ ᠬᠡᠷ ᠤᠨ ᠣᠷᠣᠶ ᠶᠢᠨ ᠤᠲᠤᠭ᠎ᠠ ᠬᠤᠯᠢᠯᠳᠤᠵᠤ ᠪᠠᠶᠢᠬᠤ ᠨᠢ ᠵᠠᠶᠢᠯᠠᠰᠢ ᠥᠬᠡᠶ ᠶᠤᠮ᠃ ᠡᠳᠦᠷ ᠲᠤᠲᠤᠮ ᠤᠨ ᠠᠶᠢᠯ ᠡᠷᠦᠬᠡ ᠪᠠᠷ ᠰᠤᠷᠪᠤᠯᠵᠢᠯᠠᠬᠤ ᠶᠠᠪᠤᠴᠠ ᠳᠤ᠂ ᠪᠢ ᠲᠣᠰᠬᠤᠨ ᠤ ᠠᠷᠠᠳ ᠲᠠᠢ ᠣᠶᠢᠯᠠᠭᠠᠯᠴᠠᠵᠤ᠂ ᠲᠡᠳᠡᠨ ᠤ ᠲᠤᠷᠰᠢᠯᠭ᠎ᠠ ᠶᠡᠷᠦ ᠶᠢᠨ ᠮᠡᠳᠡᠯᠭᠡ ᠶᠢ ᠰᠤᠷᠤᠯᠴᠠᠨ᠎ᠠ︔ ᠠᠯᠪᠠᠨ ᠭᠡᠷ ᠲᠡᠭᠡᠨ ᠵᠥᠭᠡᠯᠡᠨ ᠳᠤᠨᠤᠭ ᠤᠨ ᠮᠠᠲ᠋ᠧᠷᠢᠶᠠᠯ ᠢ ᠡᠮᠬᠢᠯᠡᠬᠦ ᠳᠤ ᠪᠢ ᠪᠠᠰᠠ ︽ᠠᠬᠠᠮᠠᠳ ᠦᠶ᠎ᠡ︾ ᠶᠢᠨ ᠬᠢᠨ ᠠᠴᠠ ᠠᠰᠠᠭᠤᠵᠤ᠂ ᠳᠡᠳᠡᠨ ᠤ ᠠᠷᠠᠳ ᠤᠨ ᠲᠥᠯᠥᠭᠡ ᠪᠣᠳᠠᠲᠠᠶ ᠠᠵᠢᠯ ᠬᠢᠭᠰᠡᠨ ᠲᠤᠷᠰᠢᠯᠭ᠎ᠠ ᠪᠠ ᠠᠷᠭ᠎ᠠ ᠶᠢ ᠰᠤᠷᠤᠯᠴᠠᠵᠤ᠂ ᠴᠠᠭ ᠲᠤᠬᠠᠶ ᠳᠤᠨᠢ ᠰᠡᠳᠬᠢᠨ ᠳ᠋ᠦᠩᠨᠡᠳᠡᠭ᠃ ᠡᠨᠡ ᠨᠢᠭᠡ ᠵᠢᠯ ᠢ ᠡᠷᠭᠢᠴᠡᠭᠦᠯᠬᠦ ᠳᠤ᠂ ᠪᠢ ᠠᠵᠢᠯ ᠤᠨ ᠳᠤᠮᠳᠠᠬᠢ ᠮᠠᠰᠢ ᠤᠯᠠᠨ ᠬᠦᠷᠦᠯᠴᠡᠬᠦ ᠦᠭᠡᠢ ᠲᠠᠯ᠎ᠠ᠂ ᠤᠨᠤᠯ ᠤᠨ ᠮᠡᠳᠡᠯᠭᠡ ᠶᠢᠨ ᠨᠥᠭᠡᠴᠡ ᠬᠦᠷᠦᠯᠴᠡᠬᠦ ᠦᠭᠡᠢ᠂ ᠠᠵᠢᠯ ᠤᠨ ᠠᠷᠭ᠎ᠠ ᠵᠤᠬᠢᠰ ᠦᠭᠡᠢ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠴᠢᠩᠭ᠎ᠠ ᠪᠢᠰᠢ ᠵᠡᠷᠭᠡ ᠶᠢ ᠮᠠᠰᠢ ᠲᠣᠳᠣᠷᠬᠠᠢ ᠲᠠᠨᠢᠵᠤ ᠤᠯᠪᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠠᠷᠠᠳ ᠤᠨ ᠪᠠᠶᠢᠳᠠᠯ ᠢ ᠨᠠᠷᠢᠨ ᠬᠢᠨᠠᠮᠠᠭᠠᠢ ᠰᠤᠷᠪᠤᠯᠵᠢᠯᠠᠵᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠯᠠᠨ ᠤ ᠤᠴᠢᠷ ᠶᠠᠪᠤᠳᠠᠯ ᠢ ᠲᠠᠷᠢᠬᠢᠨ ᠳᠠᠭᠠᠨ ᠬᠠᠳᠠᠩᠰᠢᠭᠤᠯᠵᠤ᠂ ᠰᠡᠳᠬᠢᠯ ᠳᠡᠭᠡᠨ ᠬᠠᠳᠠᠩᠰᠢᠭᠤᠯᠵᠤ᠂ ᠲᠣᠰᠬᠤᠨ ᠤ ᠠᠷᠠᠳ ᠤᠯᠠᠨ ᠤ ᠡᠷᠬᠢᠮ ᠨᠠᠨᠳᠢᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠰᠠᠨᠠᠭᠠᠴᠢᠯᠠᠭ᠎ᠠ ᠠᠴᠠ ᠪᠠᠨ ᠰᠡᠳᠬᠢᠵᠦ᠂ ᠨᠠᠷᠢᠨ ᠠᠵᠢᠭᠯᠠᠵᠤ᠂ ᠪᠣᠳᠠᠲᠤ ᠪᠠᠶᠢᠳᠠᠯ ᠢ ᠡᠵᠡᠮᠰᠢᠵᠦ᠂ ᠤᠬ ᠰᠠᠨᠠᠭ᠎ᠠ ᠪᠠᠨ ᠠᠷᠠᠳ ᠤᠯᠠᠨ ᠳᠤ ᠦᠯᠡᠳᠡᠭᠡᠨ ᠥᠭᠴᠦ᠂ ᠴᠢᠳᠠᠪᠤᠷᠢ ᠪᠠᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠪᠣᠳᠠᠲᠤ ᠦᠢᠯᠡᠳᠦᠯᠭᠡ ᠶᠢᠨ ᠳᠤᠮᠳᠠ ᠪᠢᠴᠢᠨ ᠣᠷᠣᠭᠤᠯᠤᠨ᠎ᠠ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2