ᠨᠢᠳᠦ ᠢᠷᠮᠡᠬᠦ ᠶᠢᠨ ᠵᠠᠭᠤᠷ᠎ᠠ ᠪᠢ ᠵᠢᠷᠭᠤᠳᠤᠭᠠᠷ ᠰᠤᠮᠤ ᠪᠠᠯᠭᠠᠰᠤᠨ ᠳᠤ ᠬᠤᠶᠠᠷ ᠬᠠᠪᠤᠷ ᠨᠠᠮᠤᠷ ᠢᠶᠠᠨ | ᠥᠩᠭᠡᠷᠡᠭᠡᠯ᠎ᠡ᠂ ᠦᠨᠳᠦᠰᠦᠨ ᠱᠠᠲᠤᠨ ᠤ ᠵᠢᠯ ᠭᠠᠷᠤᠶ ᠶᠢᠨ ᠳᠠᠪᠲᠠᠯᠲᠠ ᠨᠢ ᠨᠠᠮᠠᠶᠢ ︽ᠪᠢᠴᠢᠭ ᠤᠨ ᠬᠥᠮᠦᠨ ᠤ | ᠠᠭᠤᠷ ᠠᠮᠢᠰᠬᠤᠯ︾ ᠠᠴᠠ ᠠᠩᠭᠢᠵᠢᠷᠠᠭᠤᠯᠵᠤ᠂ ᠵᠢᠯ ᠭᠠᠷᠤᠶ ᠶᠢᠨ ᠠᠵᠢᠯ ᠤᠨ ᠴᠠᠭ ᠮᠥᠴᠡ ᠳᠤ ᠮᠢᠨᠦ ᠬᠦᠯ | ᠳᠣᠣᠷ᠎ᠠ ︽ᠰᠢᠪᠠᠷ ᠰᠢᠷᠣᠶ ᠶᠢᠨ ᠠᠩᠬᠢᠯᠤᠮ᠎ᠠ︾ ᠪᠢᠯᠬᠠᠭᠤᠯᠪᠠ᠃ ᠵᠢᠯ ᠭᠠᠷᠤᠶ ᠶᠢᠨ ᠬᠤᠭᠤᠴᠠᠭᠠᠨ ᠳᠤ ᠪᠢ ᠰᠠᠶ᠋ᠢ | ᠲᠦᠷᠦᠭᠰᠡᠨ ︽ᠲᠤᠭᠤᠯ︾ ᠠᠴᠠ ᠪᠠᠨ ᠠᠷᠠᠳ ᠲᠦᠮᠡᠨ ᠳᠤ ᠦᠢᠯᠡᠴᠢᠯᠡᠬᠦ ︽ᠬᠠᠷ᠎ᠠ ᠲᠡᠷᠢᠭᠦᠲᠡᠨ︾᠂ ︽ᠠᠳᠠᠷ | ᠬᠠᠭᠠᠯᠪᠤᠷᠢᠯᠠᠬᠤ ᠦᠬᠡᠷ︾᠂ ︽ᠠᠷᠠᠯ ᠤᠨ ᠱᠠᠷ︾ ᠪᠣᠯᠤᠨ ᠬᠤᠪᠢᠷᠠᠵᠠᠶ᠃ ᠡᠨᠡ ᠨᠢ ᠨᠠᠮᠠᠶᠢ ᠰᠠᠶ᠋ᠢ ᠲᠦᠷᠦᠭᠰᠡᠨ ︽ | ᠲᠤᠭᠤᠯ︾ ᠠᠴᠠ ᠪᠠᠨ ᠠᠷᠠᠳ ᠲᠦᠮᠡᠨ ᠳᠤ ᠦᠢᠯᠡᠴᠢᠯᠡᠬᠦ ︽ᠬᠠᠷ᠎ᠠ ᠲᠡᠷᠢᠭᠦᠲᠡᠨ︾᠂ ︽ᠠᠳᠠᠷ ᠬᠠᠭᠠᠯᠪᠤᠷᠢᠯᠠᠬᠤ | ᠦᠬᠡᠷ︾᠂ ︽ᠠᠷᠠᠯ ᠤᠨ ᠱᠠᠷ︾ ᠪᠣᠯᠭᠠᠭᠰᠠᠨ ᠪᠠᠶᠢᠨ᠎ᠠ᠃ ᠰᠢᠷᠣᠶ ᠬᠤᠷᠠᠮᠳᠤᠭᠠᠳ ᠠᠭᠤᠯᠠ ᠪᠣᠯᠵᠤ᠂ ᠤᠰᠤ | ᠬᠤᠷᠠᠮᠳᠤᠭᠠᠳ ᠳᠠᠯᠠᠶ ᠪᠣᠯᠵᠤ᠂ ᠬᠡᠰᠡᠭ ᠪᠤᠰᠠᠭ ᠶᠠᠭᠠᠷᠠᠤ ᠪᠠ ᠵᠢᠵᠢᠭ ᠰᠠᠵᠢᠭ ᠤᠴᠢᠷ ᠶᠠᠪᠤᠳᠠᠯ ᠨᠢ ᠶᠠᠭ ᠯᠠ ᠵᠢᠵᠢᠭ | ᠴᠢᠯᠠᠭᠤ ᠰᠢᠭ᠋ ᠥᠪᠡᠷ ᠤᠨ ᠰᠣᠩᠭᠤᠯᠲᠠ ᠶᠢᠨ ᠵᠠᠮ ᠢᠶᠠᠨ ᠳᠡᠪᠢᠰᠴᠦ᠂ ᠡᠨᠡ ᠵᠠᠮ ᠳᠤ ᠣᠯᠵᠤ ᠦᠵᠡᠭᠰᠡᠨ ᠵᠦᠢᠯ ᠨᠢ | ᠪᠦᠷ ᠥᠰᠦᠨ ᠪᠤᠶᠢᠵᠢᠵᠤ᠂ ᠲᠡᠭᠦᠨ ᠤ ᠳᠣᠲᠣᠷᠠᠬᠢ ᠠᠮᠲᠠ ᠰᠢᠮᠲᠡ ᠨᠢ ᠪᠦᠷ ᠬᠤᠷᠢᠶᠠᠯᠲᠠ ᠪᠣᠯᠤᠨ᠎ᠠ᠃ | | | | | | ᠨᠢᠭᠡ᠂ ᠰᠢᠮᠳᠠᠨ ᠰᠤᠷᠤᠯᠴᠠᠵᠤ᠂ ᠤᠬᠠᠮᠰᠠᠷ ᠠᠴᠠ ᠪᠠᠨ ᠳᠠᠪᠲᠠᠨ ᠪᠣᠯᠪᠠᠰᠤᠷᠠᠵᠤ᠂ ᠨᠢᠭᠡᠳᠦᠭᠡᠷ ᠹᠷᠣᠨᠲ ᠤᠨ ︽ | ᠲᠠᠭᠠᠭᠤᠯᠤᠭᠴᠢ︾ ᠪᠣᠯᠬᠤ ᠪᠠᠷ ᠴᠢᠷᠮᠠᠶᠢᠬᠤ ᠬᠡᠷᠡᠭᠲᠡᠢ | ᠥᠩᠭᠡᠷᠡᠭᠰᠡᠨ ᠨᠢᠭᠡ ᠵᠢᠯ ᠳᠤ᠂ ᠬᠡᠳᠦ᠋ᠢᠪᠡᠷ ᠦᠨᠳᠦᠰᠦᠨ ᠱᠠᠲᠤᠨ ᠤ ᠠᠵᠢᠯ ᠨᠡᠯᠢᠶᠡᠳ ᠶᠠᠭᠠᠷᠠᠤ ᠪᠠᠶᠢᠭᠰᠠᠨ ᠴᠤ | ᠂ ᠪᠢ ᠥᠪᠡᠷ ᠤᠨ ᠰᠢᠨᠲᠠᠷᠠᠰᠢ ᠦᠭᠡᠢ ᠰᠤᠷᠤᠯᠴᠠᠬᠤ ᠳᠠᠳᠬᠠᠯ ᠢᠶᠠᠨ ᠬᠥᠮᠦᠵᠢᠭᠦᠯᠬᠦ ᠶᠢ ᠪᠠᠷᠢᠮᠲᠠᠯᠠᠵᠤ᠂ ᠭᠤᠣᠯ | ᠳᠤᠭᠤᠶᠢᠯᠠᠩ ᠤᠨ ᠰᠤᠷᠤᠯᠴᠠᠯᠭ᠎ᠠ ᠪᠠ ᠨᠣᠮ ᠤᠩᠰᠢᠬᠤ ᠠᠩᠬᠢ ᠶᠢᠨ ᠮᠠᠲ᠋ᠧᠷᠢᠶᠠᠯ ᠢ ᠪᠡᠯᠡᠳᠬᠡᠬᠦ ᠶᠠᠪᠤᠴᠠ ᠳᠤ᠂ | ᠠᠵᠢᠯ ᠤᠨ ᠴᠢᠯᠥᠭᠡ ᠪᠠᠷ ᠢᠶᠠᠨ ᠪᠢ ᠨᠠᠮ ᠤᠨ ᠤᠨᠤᠯ ᠤᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠵᠤ᠂ | ᠥᠪᠡᠷ ᠤᠨ ᠤᠯᠤᠰ ᠲᠦᠷᠦ ᠤᠨᠤᠯ ᠤᠨ ᠲᠦᠪᠰᠢᠨ ᠪᠠ ᠦᠵᠡᠯ ᠰᠠᠨᠠᠭ᠎ᠠ ᠶᠣᠰᠣ ᠰᠤᠷᠲᠠᠬᠤᠨ ᠤ ᠪᠣᠯᠪᠠᠰᠤᠷᠠᠯ ᠢᠶᠠᠨ | ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ ᠤᠨᠤᠯ ᠤᠨ ᠰᠤᠷᠤᠯᠴᠠᠯᠭ᠎ᠠ ᠶᠢ ᠪᠣᠳᠠᠲᠠᠢ ᠶᠢᠨ ᠪᠣᠯᠪᠠᠰᠤᠷᠠᠯ ᠲᠠᠢ | ᠤᠶᠠᠯᠳᠤᠭᠤᠯᠵᠠᠢ᠃ ᠡᠩ ᠤᠨ ᠡᠳᠦᠷ ᠤᠨ ᠠᠵᠢᠯ ᠤᠨ ᠳᠤᠮᠳᠠ ᠪᠠᠨ ᠠᠯᠪᠠᠨ ᠪᠢᠴᠢᠭ ᠰᠢᠶ᠋ᠳᠪᠦᠷᠢᠯᠡᠬᠦ᠂ ᠬᠤᠷᠠᠯ ᠤᠨ | ᠶᠠᠪᠤᠳᠠᠯ ᠤᠨ ᠶᠡᠷᠦ ᠶᠢᠨ ᠮᠡᠳᠡᠯᠭᠡ ᠵᠢᠴᠢ ᠠᠯᠪᠠᠨ ᠬᠡᠷ ᠤᠨ ᠠᠵᠢᠯᠯᠠᠭᠠᠨ ᠤ ᠬᠠᠮᠢᠶ᠎ᠠ ᠪᠥᠬᠦᠶ ᠮᠡᠳᠡᠯᠭᠡ ᠠᠷᠭ᠎ᠠ ᠶᠢ | ᠬᠢᠨᠠᠮᠠᠭᠠᠶ ᠰᠤᠷᠤᠯᠴᠠᠵᠤ᠂ ᠡᠳᠦᠷ ᠲᠤᠲᠤᠮ ᠤᠨ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠪᠠᠨ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠡᠳᠦᠷ ᠲᠤᠲᠤᠮ ᠤᠨ ᠬᠤᠷᠠᠯ ᠢ ᠪᠡᠯᠡᠳᠬᠡᠬᠦ᠂ ᠪᠢᠴᠢᠭ | ᠮᠠᠲ᠋ᠧᠷᠢᠶᠠᠯ ᠲᠤᠭᠤᠷᠪᠢᠬᠤ᠂ ᠲᠣᠪᠴᠢ ᠮᠡᠳᠡᠭᠡ ᠮᠡᠳᠡᠭᠦᠯᠦᠨ ᠬᠦᠷᠭᠡᠬᠦ᠂ ᠬᠥᠮᠦᠰ ᠤᠨ ᠬᠤᠭᠤᠷᠣᠨᠳᠣᠬᠢ | ᠶᠠᠪᠤᠯᠴᠠᠭ᠎ᠠ ᠶᠢᠨ ᠦᠨᠳᠦᠰᠦᠨ ᠱᠠᠲᠤᠨ ᠤ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | | | | | | | ᠬᠤᠶᠠᠷ᠂ ᠯᠠᠪᠳᠠᠭᠤᠨ ᠲᠣᠭᠲᠠᠭᠤᠨ ᠢᠶᠠᠷ ᠠᠷᠠᠳ ᠲᠦᠮᠡᠨ ᠤ ᠲᠥᠯᠥᠭᠡ ᠵᠢᠳᠬᠦᠵᠦ᠂ ᠦᠨᠳᠦᠰᠦᠨ ᠱᠠᠲᠤᠨ ᠤ | ︽ᠡᠷᠭᠢ ᠱᠤᠷᠠᠭ︾ ᠢ ᠰᠠᠶᠢᠲᠤᠷ ᠬᠢᠬᠦ ᠬᠡᠷᠡᠭᠲᠡᠶ | ᠦᠨᠳᠦᠰᠦᠨ ᠱᠠᠲᠤᠨ ᠤ ᠠᠵᠢᠯ ᠤᠨ ᠳᠤᠮᠳᠠ᠂ ᠠᠶᠢᠯ ᠡᠷᠦᠬᠡ ᠳᠤ ᠣᠴᠢᠬᠤ᠂ ᠵᠥᠷᠢᠴᠡᠯ ᠢ ᠠᠷᠢᠯᠭᠠᠬᠤ᠂ | ᠭᠠᠴᠠᠭᠠᠨ ᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠤᠷᠢᠯᠡᠬᠦ ᠪᠣᠯ ᠪᠠᠰᠠ ᠴᠤ ᠰᠣᠩᠭᠤᠨ ᠰᠢᠯᠵᠢᠭᠦᠯᠬᠦ | ᠡᠳᠦᠷ ᠲᠤᠲᠤᠮ ᠤᠨ ᠠᠵᠢᠯ ᠪᠣᠯᠤᠨ᠎ᠠ᠃ ᠮᠢᠨᠦ ᠲᠠᠭᠠᠭᠠᠴᠢᠯᠠᠭᠰᠠᠨ ᠳ᠋ᠡ ᠭᠧ ᠯᠢᠶᠠᠩ ᠤᠨ ᠲᠣᠰᠬᠤᠨ ᠳᠤ | ᠢᠷᠡᠭᠰᠡᠨ ᠤ ᠳᠠᠷᠠᠭ᠎ᠠ᠂ ᠪᠢ ᠰᠤᠷᠪᠤᠯᠵᠢᠯᠠᠨ ᠪᠠᠶᠢᠴᠠᠭᠠᠬᠤ ᠪᠠᠷ ᠳᠠᠮᠵᠢᠭᠠᠳ᠂ ᠶᠠᠳᠠᠭᠤ ᠬᠦᠴᠢᠷᠳᠡᠯᠲᠡᠢ ᠤᠯᠠᠨ | ᠲᠦᠮᠡᠨ ᠪᠣᠯ ᠳ᠋ᠠ ᠯᠢᠶᠠᠩ ᠤᠨ ᠶᠠᠳᠠᠭᠤ ᠠᠴᠠ ᠠᠩᠭᠢᠵᠢᠷᠠᠭᠰᠠᠨ ᠯᠢᠦ ᠮᠧᠢ ᠯᠢᠨ ᠤ ᠬᠢᠨ ᠪᠣᠯᠤᠨ᠎ᠠ ᠭᠡᠵᠦ | ᠲᠣᠭᠲᠠᠭᠠᠵᠠᠢ᠂ ᠬᠠᠪᠤᠷ ᠤᠨ ᠤᠯᠠᠷᠢᠯ ᠤᠨ ᠶᠡᠭᠡ ᠭᠠᠯ ᠵᠢᠴᠢ ᠡᠬᠡᠨᠡᠷ ᠤᠨ ᠬᠢᠨᠢ ᠪᠠᠶᠢᠴᠠᠭᠠᠵᠤ ᠭᠠᠷᠭᠠᠭᠰᠠᠨ ᠥᠮᠡᠨ | ᠡᠪᠡᠳᠴᠢᠨ ᠨᠢ ᠲᠡᠭᠦᠨ ᠢ ᠶᠠᠳᠠᠭᠤ ᠬᠦᠴᠢᠷᠳᠡᠯᠲᠡᠢ ᠡᠷᠦᠭᠡ ᠪᠣᠯᠭᠠᠵᠠᠢ᠂ ᠪᠢ ᠲᠡᠳᠡᠨ ᠢ ᠬᠠᠪᠰᠤᠷᠤᠨ ᠲᠦᠷ ᠴᠠᠭ ᠤᠨ | ᠠᠪᠤᠷᠠᠨ ᠲᠤᠰᠠᠯᠠᠯᠲᠠ ᠭᠤᠶᠤᠴᠢᠯᠠᠭᠰᠠᠨ ᠪᠥᠭᠡᠳ ᠰᠣᠩᠭᠤᠨ ᠰᠢᠯᠵᠢᠭᠦᠯᠬᠦ ᠰᠤᠷᠤᠬᠴᠢ ᠶᠢᠨ ᠲᠤᠰᠬᠠᠢ ᠵᠠᠷᠤᠳᠠᠯ ᠢ | ᠠᠰᠢᠭᠯᠠᠵᠤ᠂ ᠠᠮᠤ ᠪᠤᠳᠠᠭ᠎ᠠ᠂ ᠭᠤᠯᠢᠷ᠂ ᠲᠤᠰᠤ᠂ ᠲᠠᠷᠢᠶᠠᠯᠠᠩ ᠤᠨ ᠪᠠᠭᠠᠵᠢ ᠬᠡᠷᠡᠭᠰᠡᠯ ᠵᠡᠷᠭᠡ ᠠᠮᠢᠳᠤᠷᠠᠯ ᠤᠨ | ᠴᠢᠬᠤᠯᠠ ᠬᠡᠷᠡᠭᠰᠡᠯ ᠢ ᠨᠢ ᠦᠷᠭᠦᠯᠵᠢ ᠬᠦᠷᠭᠡᠵᠦ᠂ ᠲᠡᠭᠦᠨ ᠤ ︽ᠲᠤᠯᠭᠠᠮ᠎ᠠ ᠠᠰᠠᠭᠤᠳᠠᠯ︾ ᠢ ᠨᠢ ᠰᠢᠢᠳᠪᠦᠷᠢᠯᠡᠵᠦ | ᠥᠭᠴᠡᠢ᠃ | ᠦᠨᠳᠦᠰᠦᠨ ᠱᠠᠲᠤᠨ ᠤ ᠠᠵᠢᠯ ᠤᠨ ︽ᠮᠢᠩᠭᠠᠨ ᠬᠡᠯᠬᠢᠶ᠎ᠡ ᠲᠦᠮᠡᠨ ᠬᠡᠯᠬᠢᠶ᠎ᠡ︾ ᠨᠢ ︽ᠲᠦᠭ ᠲᠦᠮᠡᠨ ᠠᠶᠢᠯ | ᠡᠷᠦᠬᠡ︾ ᠲᠠᠢ ᠬᠤᠯᠪᠣᠯᠳᠤᠵᠤ᠂ ᠡᠭᠦᠷᠭᠡ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ ᠪᠠᠶᠢᠳᠠᠭ᠂ | ᠰᠣᠩᠭᠤᠨ ᠰᠢᠯᠵᠢᠭᠦᠯᠦᠭᠰᠡᠨ ᠰᠣᠷᠣᠭᠴᠢ ᠠᠯᠢ ᠠᠵᠢᠯ ᠤᠨ ᠪᠠᠶᠢᠷᠢᠨ ᠳᠤ ᠪᠠᠶᠢᠭᠰᠠᠨ ᠴᠤ ᠴᠥᠮ ︽ᠣᠯᠠᠨ | ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ︾ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠰᠠᠶᠢᠲᠤᠷ ᠥᠷᠨᠢᠭᠦᠯᠬᠦ ᠶᠢᠨ ᠲᠥᠯᠥᠭᠡ᠂ ᠪᠢ | ᠰᠠᠨᠠᠭᠠᠴᠢᠯᠠᠭ᠎ᠠ ᠠᠴᠠ ᠪᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠡᠮᠴᠢ ᠰᠤᠪᠢᠯᠠᠭᠴᠢᠳ ᠢ | ᠬᠠᠪᠰᠤᠷᠤᠨ ᠸᠠᠺᠼᠢᠨ ᠤ ᠲᠠᠷᠢᠯᠭ᠎ᠠ ᠶᠢᠨ ᠵᠢᠷᠭᠤᠳᠤᠭᠠᠷ ᠰᠤᠮᠤ ᠪᠠᠯᠭᠠᠰᠤ ᠨᠢ ᠪᠦᠬᠦ ᠰᠢᠶᠠᠨ ᠤ ᠪᠠᠶᠢᠩᠭᠤ ᠰᠠᠭᠤᠭ᠎ᠠ | ᠬᠥᠮᠦᠨ ᠠᠮᠠ ᠶᠢᠨ ᠰᠠᠭᠤᠷᠢ ᠲᠤᠭ᠎ᠠ ᠶᠢᠨ ᠬᠤᠶᠠᠳᠤᠭᠠᠷ ᠶᠡᠭᠡ ᠰᠢᠶᠠᠩ ᠪᠠᠯᠭᠠᠰᠤ ᠪᠣᠯᠤᠭᠰᠠᠨ ᠤ ᠬᠤᠪᠢ ᠳᠤ᠂ | ᠤᠷᠬᠢᠯ ᠤᠨ ᠬᠤᠭᠤᠴᠠᠭᠠᠨ ᠳᠤ ᠡᠳᠦᠷ ᠪᠦᠷᠢ ᠶᠢᠨ ᠲᠠᠷᠢᠯᠭ᠎ᠠ ᠶᠢᠨ ᠬᠥᠮᠦᠨ ᠤ ᠲᠤᠭ᠎ᠠ 800 ᠭᠠᠷᠤᠶ ᠬᠥᠮᠦᠨ ᠳᠤ | ᠬᠦᠷᠴᠦ᠂ ᠸᠠᠺᠼᠢᠨ ᠤ ᠲᠠᠷᠢᠯᠭ᠎ᠠ ᠬᠢᠬᠦ ᠶᠢᠨ ᠬᠠᠮᠲᠤ ᠪᠠᠰᠠ ᠰᠤᠷᠪᠤᠯᠵᠢᠯᠠᠭ᠎ᠠ ᠬᠢᠬᠦ᠂ ᠤᠲᠠᠰᠤ ᠪᠠᠷ ᠶᠠᠷᠢᠯᠴᠠᠬᠤ | ᠵᠡᠷᠭᠡ ᠬᠡᠯᠪᠡᠷᠢ ᠪᠠᠷ ᠲᠠᠷᠢᠯᠭ᠎ᠠ ᠬᠢᠯᠭᠡᠭᠰᠡᠨ ᠥᠬᠡᠶ ᠲᠣᠰᠬᠤᠨ ᠤ ᠠᠷᠠᠳ ᠲᠤ ᠤᠬᠠᠭᠤᠯᠭ᠎ᠠ ᠳᠠᠶᠢᠴᠢᠯᠠᠯᠲᠠ ᠬᠢᠬᠦ | ᠴᠢᠬᠤᠯᠠᠲᠠᠶ ᠪᠠᠶᠢᠳᠠᠭ᠂ ᠡᠳᠦᠷ ᠪᠦᠷᠢ ᠶᠢᠨ 14 ᠴᠠᠭ ᠤᠨ ᠥᠨᠳᠥᠷ ᠬᠦᠴᠦᠯᠡᠴᠡ ᠲᠠᠢ ᠠᠵᠢᠯ ᠨᠢ ᠨᠠᠩ ᠴᠤ ︽ | ᠡᠩ ᠤᠨ ᠬᠡᠷᠡᠭ︾ ᠪᠣᠯᠵᠠᠶ᠂ ᠲᠤᠬᠠᠶ ᠶᠢᠨ ᠦᠶ᠎ᠡ ᠳᠤ ᠨᠢᠭᠡ ᠨᠠᠰᠤᠲᠠᠨ᠄ ︽ᠪᠢᠴᠢᠬᠠᠨ ᠥᠬᠢᠨ ᠠᠮᠠᠷᠠᠭᠠᠳ ᠠᠪ᠂ | ᠪᠢᠳᠡ ᠶᠠᠭᠠᠷᠠᠬᠤ ᠥᠬᠡᠶ᠂ ᠨᠢᠭᠡ ᠦᠳᠡ ᠶᠢᠨ ᠡᠮᠦᠨ᠎ᠡ ᠶᠡᠭᠡ ᠶᠠᠳᠠᠷᠠᠭᠰᠠᠨ ᠪᠢᠵᠡ︾ ᠭᠡᠵᠦ ᠬᠡᠯᠡᠵᠦ ᠪᠠᠶᠢᠪᠠ᠃ | ᠨᠠᠳᠠ ᠳᠤ ᠭᠦᠨ ᠵᠤᠵᠠᠭᠠᠨ ᠬᠠᠯᠠᠭᠤᠨ ᠰᠡᠳᠬᠢᠯ ᠢ ᠮᠡᠳᠡᠷᠡᠭᠦᠯᠵᠦ᠂ ᠪᠠᠰᠠ ᠬᠦᠨᠳᠦ ᠨᠦᠰᠡᠷ ᠬᠠᠷᠢᠭᠤᠴᠠᠯᠭ᠎ᠠ ᠶᠢ | ᠮᠡᠳᠡᠷᠡᠭᠦᠯᠦᠭᠰᠡᠨ ᠤ ᠬᠠᠮᠲᠤ ᠪᠢ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠠᠴᠠ ᠥᠪᠡᠷ ᠤᠨ ᠭᠡᠰᠡᠨ ᠦᠨ᠎ᠡ | ᠦᠷᠳᠡᠭ ᠢᠶᠠᠨ ᠣᠯᠵᠤ ᠠᠪᠤᠯ᠎ᠠ᠃ | | | | ᠭᠤᠷᠪᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ᠂ ᠮᠡᠷᠡᠶᠢᠨ ᠲᠡᠮᠡᠴᠡᠵᠦ | ᠤᠷᠤᠭᠰᠢᠯᠠᠨ ᠲᠠᠪᠰᠢᠵᠤ ︽ᠰᠢᠯᠢᠳᠡᠭ ᠠᠮᠵᠢᠯᠲᠠ︾ ᠶᠢ ᠪᠢᠴᠢᠭᠯᠡᠨ᠎ᠡ | ᠦᠨᠳᠦᠰᠦᠨ ᠱᠠᠲᠤᠨ ᠤ ᠰᠣᠩᠭᠤᠨ ᠲᠣᠬᠢᠷᠠᠭᠤᠯᠤᠭᠰᠠᠨ ᠵᠠᠯᠠᠭᠤ ᠨᠠᠰᠤ ᠨᠢ ᠰᠢᠪᠠᠷ ᠰᠢᠷᠣᠶ ᠶᠢᠨ ᠠᠭᠤᠷ | ᠠᠮᠢᠰᠬᠤᠯ ᠢᠶᠠᠷ ᠳᠦᠭᠦᠷᠴᠦ᠂ ᠪᠣᠷᠣᠭᠠᠨ ᠤ ᠳᠠᠷᠠᠭᠠᠬᠢ ᠤᠰᠤᠨ ᠠᠭᠤᠷ ᠪᠠ ᠬᠡᠷ ᠤᠨ ᠣᠷᠣᠶ ᠶᠢᠨ ᠤᠲᠤᠭ᠎ᠠ | ᠬᠤᠯᠢᠯᠳᠤᠵᠤ ᠪᠠᠶᠢᠬᠤ ᠨᠢ ᠵᠠᠶᠢᠯᠠᠰᠢ ᠥᠬᠡᠶ ᠶᠤᠮ᠃ ᠡᠳᠦᠷ ᠲᠤᠲᠤᠮ ᠤᠨ ᠠᠶᠢᠯ ᠡᠷᠦᠬᠡ ᠪᠠᠷ ᠰᠤᠷᠪᠤᠯᠵᠢᠯᠠᠬᠤ | ᠶᠠᠪᠤᠴᠠ ᠳᠤ᠂ ᠪᠢ ᠲᠣᠰᠬᠤᠨ ᠤ ᠠᠷᠠᠳ ᠲᠠᠢ ᠣᠶᠢᠯᠠᠭᠠᠯᠴᠠᠵᠤ᠂ ᠲᠡᠳᠡᠨ ᠤ ᠲᠤᠷᠰᠢᠯᠭ᠎ᠠ ᠶᠡᠷᠦ ᠶᠢᠨ ᠮᠡᠳᠡᠯᠭᠡ ᠶᠢ | ᠰᠤᠷᠤᠯᠴᠠᠨ᠎ᠠ︔ ᠠᠯᠪᠠᠨ ᠭᠡᠷ ᠲᠡᠭᠡᠨ ᠵᠥᠭᠡᠯᠡᠨ ᠳᠤᠨᠤᠭ ᠤᠨ ᠮᠠᠲ᠋ᠧᠷᠢᠶᠠᠯ ᠢ ᠡᠮᠬᠢᠯᠡᠬᠦ ᠳᠤ ᠪᠢ ᠪᠠᠰᠠ ︽ᠠᠬᠠᠮᠠᠳ | ᠦᠶ᠎ᠡ︾ ᠶᠢᠨ ᠬᠢᠨ ᠠᠴᠠ ᠠᠰᠠᠭᠤᠵᠤ᠂ ᠳᠡᠳᠡᠨ ᠤ ᠠᠷᠠᠳ ᠤᠨ ᠲᠥᠯᠥᠭᠡ ᠪᠣᠳᠠᠲᠠᠶ ᠠᠵᠢᠯ ᠬᠢᠭᠰᠡᠨ ᠲᠤᠷᠰᠢᠯᠭ᠎ᠠ ᠪᠠ | ᠠᠷᠭ᠎ᠠ ᠶᠢ ᠰᠤᠷᠤᠯᠴᠠᠵᠤ᠂ ᠴᠠᠭ ᠲᠤᠬᠠᠶ ᠳᠤᠨᠢ ᠰᠡᠳᠬᠢᠨ ᠳ᠋ᠦᠩᠨᠡᠳᠡᠭ᠃ ᠡᠨᠡ ᠨᠢᠭᠡ ᠵᠢᠯ ᠢ ᠡᠷᠭᠢᠴᠡᠭᠦᠯᠬᠦ ᠳᠤ᠂ ᠪᠢ | ᠠᠵᠢᠯ ᠤᠨ ᠳᠤᠮᠳᠠᠬᠢ ᠮᠠᠰᠢ ᠤᠯᠠᠨ ᠬᠦᠷᠦᠯᠴᠡᠬᠦ ᠦᠭᠡᠢ ᠲᠠᠯ᠎ᠠ᠂ ᠤᠨᠤᠯ ᠤᠨ ᠮᠡᠳᠡᠯᠭᠡ ᠶᠢᠨ ᠨᠥᠭᠡᠴᠡ ᠬᠦᠷᠦᠯᠴᠡᠬᠦ | ᠦᠭᠡᠢ᠂ ᠠᠵᠢᠯ ᠤᠨ ᠠᠷᠭ᠎ᠠ ᠵᠤᠬᠢᠰ ᠦᠭᠡᠢ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠴᠢᠩᠭ᠎ᠠ ᠪᠢᠰᠢ ᠵᠡᠷᠭᠡ ᠶᠢ | ᠮᠠᠰᠢ ᠲᠣᠳᠣᠷᠬᠠᠢ ᠲᠠᠨᠢᠵᠤ ᠤᠯᠪᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠠᠷᠠᠳ ᠤᠨ ᠪᠠᠶᠢᠳᠠᠯ ᠢ | ᠨᠠᠷᠢᠨ ᠬᠢᠨᠠᠮᠠᠭᠠᠢ ᠰᠤᠷᠪᠤᠯᠵᠢᠯᠠᠵᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠰᠠᠨᠠᠯ ᠢ ᠰᠣᠨᠣᠰᠴᠤ᠂ | ᠠᠷᠠᠳ ᠤᠯᠠᠨ ᠤ ᠤᠴᠢᠷ ᠶᠠᠪᠤᠳᠠᠯ ᠢ ᠲᠠᠷᠢᠬᠢᠨ ᠳᠠᠭᠠᠨ ᠬᠠᠳᠠᠩᠰᠢᠭᠤᠯᠵᠤ᠂ ᠰᠡᠳᠬᠢᠯ ᠳᠡᠭᠡᠨ ᠬᠠᠳᠠᠩᠰᠢᠭᠤᠯᠵᠤ᠂ | ᠲᠣᠰᠬᠤᠨ ᠤ ᠠᠷᠠᠳ ᠤᠯᠠᠨ ᠤ ᠡᠷᠬᠢᠮ ᠨᠠᠨᠳᠢᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ | ᠰᠠᠨᠠᠭᠠᠴᠢᠯᠠᠭ᠎ᠠ ᠠᠴᠠ ᠪᠠᠨ ᠰᠡᠳᠬᠢᠵᠦ᠂ ᠨᠠᠷᠢᠨ ᠠᠵᠢᠭᠯᠠᠵᠤ᠂ ᠪᠣᠳᠠᠲᠤ ᠪᠠᠶᠢᠳᠠᠯ ᠢ ᠡᠵᠡᠮᠰᠢᠵᠦ᠂ ᠤᠬ ᠰᠠᠨᠠᠭ᠎ᠠ ᠪᠠᠨ | ᠠᠷᠠᠳ ᠤᠯᠠᠨ ᠳᠤ ᠦᠯᠡᠳᠡᠭᠡᠨ ᠥᠭᠴᠦ᠂ ᠴᠢᠳᠠᠪᠤᠷᠢ ᠪᠠᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠪᠣᠳᠠᠲᠤ | ᠦᠢᠯᠡᠳᠦᠯᠭᠡ ᠶᠢᠨ ᠳᠤᠮᠳᠠ ᠪᠢᠴᠢᠨ ᠣᠷᠣᠭᠤᠯᠤᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |