ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ | ᠠᠳᠬᠤᠵᠤ ᠵᠢᠯ ᠤᠨ ᠡᠬᠢᠨ ᠳᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠠᠮᠤ ᠪᠤᠳᠠᠭᠠᠨ ᠤ ᠡᠯᠪᠡᠭ | ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠢᠶᠠᠷ ᠬᠠᠩᠭᠠᠬᠤ ᠳᠤ ᠪᠠᠲᠤ | ᠰᠠᠭᠤᠷᠢ ᠲᠠᠯᠪᠢᠬᠤ ᠲᠤᠬᠠᠢ ᠪᠠᠶᠢᠷᠢᠯᠠᠭᠤᠯᠤᠯᠲᠠ ᠬᠢᠪᠡ | ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ | ᠲᠣᠭᠲᠠᠭᠤᠨ ᠢ ᠪᠠᠲᠤᠯᠠᠵᠤ ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ | ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 28 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 28 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ᠂ ᠵᠢᠯ ᠤᠨ ᠡᠬᠢᠨ ᠳᠤ ᠠᠵᠤ | ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ | ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ | ᠲᠠᠯᠪᠢᠬᠤ ᠲᠤᠬᠠᠢ ᠪᠠᠶᠢᠷᠢᠯᠠᠭᠤᠯᠤᠯᠲᠠ ᠬᠢᠪᠡ︔ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠲᠦᠷᠭᠡᠨ ᠰᠡᠷᠭᠦᠭᠡᠯᠲᠡ ᠪᠠ ᠲᠣᠭᠲᠠᠭᠤᠨ ᠢ ᠪᠠᠲᠤᠯᠠᠵᠤ᠂ ᠠᠵᠤ ᠠᠬᠤᠢ ᠳᠤ ᠦᠵᠡᠭᠦᠯᠬᠦ ᠲᠠᠲᠠᠬᠤ | ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠣᠳᠣᠬᠠᠨ ᠳᠤ ᠠᠵᠤ ᠠᠬᠤᠢ ᠦᠷᠭᠦᠯᠵᠢᠯᠡᠨ ᠰᠡᠷᠭᠦᠨ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ | ᠵᠠᠢ ᠳᠤ ᠪᠠᠶᠢᠯᠭᠠᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠶᠢᠨ ᠪᠣᠳᠣᠯᠭ᠎ᠠ ᠪᠠ | ᠦᠷᠭᠦᠯᠵᠢᠯᠡᠬᠦᠶᠢᠴᠡ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ᠂ ᠮᠥᠩᠭᠦᠨ | ᠭᠦᠢᠯᠭᠡᠭᠡᠨ ᠤ ᠪᠠᠭᠠᠵᠢ ᠪᠠᠷ ᠳᠡᠮᠵᠢᠭᠰᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠨᠡᠩ ᠤᠯᠠᠨ ᠪᠣᠳᠠᠲᠤ ᠵᠦᠢᠯ ᠤᠨ ᠠᠵᠢᠯ ᠤᠨ | ᠬᠡᠮᠵᠢᠶ᠎ᠡ ᠶᠢ ᠪᠤᠢ ᠪᠣᠯᠭᠠᠵᠤ᠂ ᠤᠤᠯ ᠤᠨ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠭᠠᠭᠰᠠᠨ ᠪᠠᠭ᠎ᠠ ᠬᠡᠪᠴᠢᠶᠡᠨ ᠤ | ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠨᠡᠶᠢᠳᠡᠮ ᠬᠠᠷᠠᠭᠠᠯᠵᠠᠬᠤ | ᠵᠢᠵᠢᠭ ᠪᠢᠴᠢᠯ ᠵᠢᠭᠡᠯᠡᠯᠭᠡ ᠵᠡᠷᠭᠡ ᠲᠦᠷᠤ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ︽ᠬᠤᠶᠠᠷ ᠢ | ᠥᠴᠥᠬᠡᠨ ᠴᠦ ᠭᠤᠶᠢᠪᠢᠰᠢ ᠦᠭᠡᠢ ᠠᠳᠬᠤᠬᠤ︾ ᠶᠢ ᠪᠠᠷᠢᠮᠲᠠᠯᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠨ᠎ᠠ᠃ | ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠪᠠᠶᠠᠷ ᠤᠨ ᠡᠳᠦᠷ ᠤᠨ | ᠳᠠᠷᠠᠭ᠎ᠠ ᠠᠵᠤ ᠠᠬᠤᠶᠢᠯᠠᠯ ᠤᠨ ᠦᠳᠲᠡᠷ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠵᠤ᠂ ᠬᠥᠯᠥᠰᠦᠨ ᠠᠵᠢᠯᠴᠢᠨ ᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠣᠯᠬᠤ | ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤ ᠪᠠᠷ | ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠤ ᠳᠡᠭᠡᠭᠰᠢᠯᠡᠬᠦ ᠬᠠᠨᠳᠤᠰᠢ ᠶᠢ ᠲᠠᠬᠢᠨ ᠪᠠᠬᠢᠵᠢᠭᠦᠯᠦᠨ ᠥᠷᠭᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠢᠯ ᠤᠨ ᠠᠵᠢᠯ ᠬᠠᠪᠤᠷ ᠠᠴᠠ ᠡᠬᠢᠯᠡᠳᠡᠭ ᠭᠡᠳᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠠᠮᠤ | ᠪᠤᠳᠠᠭᠠᠨ ᠤ ᠤᠨᠠᠯᠲᠠ ᠪᠦᠬᠦ ᠵᠢᠯ ᠤᠨ ᠵᠢᠷᠭᠤᠭᠠᠨ ᠬᠤᠪᠢ ᠣᠷᠴᠢᠮ ᠢ ᠡᠵᠡᠯᠡᠵᠦ᠂ ᠬᠠᠪᠤᠷ ᠤᠨ ᠬᠠᠮᠢᠶᠠᠷᠤᠯᠲᠠ ᠶᠢᠨ | ᠠᠮᠤ ᠪᠤᠳᠠᠭᠠᠨ ᠤ ᠤᠨᠠᠯᠲᠠ ᠭᠤᠣᠯ ᠠᠮᠤ ᠪᠤᠳᠠᠭᠠᠨ ᠤ ᠠᠷᠪᠠᠨ ᠤ ᠳᠥᠷᠪᠡᠨ ᠬᠤᠪᠢ ᠣᠷᠴᠢᠮ ᠢ ᠡᠵᠡᠯᠡᠵᠦ ᠪᠠᠶᠢᠨ᠎ᠠ᠃ | ᠬᠤᠶᠠᠳᠤᠭᠠᠷ ᠰᠠᠷ᠎ᠠ ᠶᠢᠨ ᠡᠬᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ | ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠴᠠᠭ ᠢ | ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠠᠮᠤ | ᠪᠤᠳᠠᠭᠠᠨ ᠤ ᠲᠣᠭᠲᠠᠭᠤᠨ ᠢᠶᠠᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠠᠷᠠᠭᠠᠨ ᠤ ᠦᠨ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠬᠤ ᠳᠤ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠪᠤᠭᠤᠳᠠᠢ᠂ ᠰᠢᠯᠢᠮᠳᠡᠭ ᠤᠨ ᠲᠠᠷᠢᠶᠠᠨ ᠤ | ᠬᠠᠪᠤᠷ ᠤᠨ ᠤᠯᠠᠷᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠭᠠᠵᠠᠷ ᠣᠷᠣᠨ ᠪᠠ ᠴᠢᠬᠢ ᠮᠣᠳᠣᠨ ᠤ | ᠪᠠᠶᠢᠳᠠᠯ ᠳᠤ ᠨᠢ ᠲᠣᠬᠢᠷᠠᠭᠤᠯᠤᠨ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠪᠤᠷ ᠤᠨ ᠭᠠᠩ᠂ | ᠬᠠᠪᠤᠷ ᠤᠨ ᠭᠡᠳᠡᠷᠭᠦ ᠬᠦᠢᠲᠡᠨ᠂ ᠡᠪᠡᠳᠴᠢᠨ ᠬᠤᠷᠣᠬᠠᠢ ᠶᠢᠨ ᠭᠠᠮᠰᠢᠭ ᠵᠡᠷᠭᠡ ᠭᠠᠢ ᠭᠠᠮᠰᠢᠭ ᠢ ᠴᠠᠭ ᠲᠤᠬᠠᠢ ᠳᠤ ᠨᠢ | ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠤᠨ ᠠᠮᠤ ᠪᠤᠳᠠᠭ᠎ᠠ ᠪᠣᠯᠣᠨ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠬᠠᠷᠠᠯᠲᠠ ᠶᠢ ᠲᠦᠷᠭᠡᠬᠡᠨ ᠲᠣᠳᠣᠷᠬᠠᠶᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠶᠢᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠰᠢᠷ᠎ᠠ ᠪᠤᠷᠴᠠᠭ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ | ᠭᠤᠷᠪᠠ ᠳᠤ᠂ ᠪᠠᠲᠤᠯᠠᠭ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠣᠷᠣᠨ ᠪᠦᠰᠡ ᠠᠯᠤᠰᠯᠠᠨ ᠲᠣᠬᠢᠷᠠᠭᠤᠯᠤᠨ ᠵᠥᠭᠡᠭᠡᠪᠦᠷᠢᠯᠡᠬᠦ ᠠᠵᠢᠯ ᠢ ᠰᠠᠶᠢᠲᠤᠷ | ᠠᠳᠬᠤᠵᠤ᠂ ᠲᠠᠷᠢᠶᠠᠴᠢᠳ ᠤᠨ ᠦᠷ᠎ᠡ ᠪᠣᠷᠳᠣᠭᠤᠷ ᠪᠡᠯᠡᠳᠬᠡᠬᠦ ᠶᠢ ᠲᠡᠮᠵᠢᠨ᠎ᠠ᠃ ᠲᠠᠷᠢᠶᠠᠯᠠᠩ ᠤᠨ ᠮᠡᠷᠭᠡᠵᠢᠯ ᠤᠨ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠣᠯᠪᠠᠰᠤᠷᠠᠯ ᠢ ᠥᠷᠨᠢᠭᠦᠯᠦᠨ᠎ᠡ᠃ ᠲᠠᠷᠢᠶᠠᠯᠠᠩ ᠤᠨ | ᠮᠠᠰᠢᠨ ᠢ ᠪᠠᠶᠢᠴᠠᠭᠠᠨ ᠵᠠᠰᠠᠬᠤ ᠪᠠ ᠣᠷᠣᠨ ᠠᠯᠤᠰᠯᠠᠨ ᠮᠠᠰᠢᠨ ᠢᠶᠠᠷ ᠬᠠᠭᠠᠯᠪᠤᠷᠢᠯᠠᠵᠤ ᠲᠡᠷᠢᠬᠤ ᠠᠵᠢᠯ ᠢ ᠰᠠᠶᠢᠲᠤᠷ | ᠵᠣᠬᠢᠶᠠᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠂ ᠵᠢᠵᠢᠭ ᠲᠠᠷᠢᠶᠠᠴᠢᠨ ᠡᠷᠦᠭᠡ ᠶᠢ ᠬᠠᠪᠰᠤᠷᠴᠤ ᠲᠠᠷᠢᠶ᠎ᠠ ᠶᠢ ᠨᠢ ᠰᠠᠶᠢᠲᠤᠷ ᠲᠠᠷᠢᠭᠤᠯᠤᠨ᠎ᠠ᠃ | ᠳᠥᠷᠪᠡ ᠳᠤ᠂ ᠨᠠᠭᠠᠲᠤ ᠵᠠᠬ᠎ᠠ ᠶᠢᠨ ᠬᠤᠳᠠᠯᠳᠤᠨ ᠠᠪᠬᠤ ᠦᠨ᠎ᠡ ᠪᠠ ᠦᠢᠯᠡᠳᠪᠦᠷᠢᠯᠡᠭᠴᠢ ᠳᠤ ᠨᠥᠬᠦᠪᠦᠷᠢ ᠥᠭᠬᠦ | ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠪᠤ ᠳᠤ᠂ ᠰᠢᠷ᠎ᠠ ᠪᠤᠷᠴᠠᠭ ᠲᠠᠷᠢᠬᠤ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ | ᠨᠥᠬᠦᠪᠦᠷᠢ ᠶᠢ ᠨᠡᠶᠢᠳᠡᠮ ᠪᠦᠷᠬᠦᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠬᠢᠵᠠᠭᠠᠷᠯᠠᠬᠤ ᠪᠡᠯᠡ ᠮᠥᠩᠭᠦ ᠶᠢ ᠡᠷᠲᠡᠬᠡᠨ ᠪᠠᠭᠤᠯᠭᠠᠵᠤ᠂ ᠡᠮᠦᠨᠡᠲᠦ ᠣᠷᠣᠨ ᠤ ᠡᠷᠲᠡ ᠶᠢᠨ | ᠲᠤᠲᠤᠷᠭ᠎ᠠ ᠶᠢᠨ ᠴᠢᠬᠢ ᠶᠢ ᠲᠥᠪᠯᠡᠷᠡᠭᠦᠯᠦᠨ ᠪᠣᠶᠢᠵᠢᠭᠤᠯᠬᠤ ᠨᠥᠬᠦᠪᠦᠷᠢ ᠶᠢ ᠬᠡᠷᠡᠭᠵᠢᠭᠦᠯᠵᠦ᠂ ᠲᠠᠷᠢᠶᠠᠴᠢᠳ ᠤᠨ | ᠢᠳᠡᠪᠬᠢᠵᠢᠯ ᠢ ᠲᠠᠶᠢᠴᠢᠯᠠᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠭ᠎ᠠ ᠲᠣᠪᠣᠶᠢᠮ᠎ᠠ ᠵᠥᠷᠢᠴᠡᠯ ᠳᠤ | ᠴᠢᠭᠯᠡᠭᠦᠯᠦᠨ᠂ ᠠᠰᠢᠭᠲᠠᠢ ᠪᠠᠶᠢᠳᠠᠯ ᠢ ᠠᠮᠵᠢᠨ ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠬᠤ ᠪᠠᠷ ᠠᠵᠤ | ᠠᠬᠤᠢ ᠶᠢᠨ ᠭᠤᠣᠯ ᠲᠠᠲᠠᠬᠤ ᠬᠦᠴᠦᠨ ᠪᠣᠯᠭᠠᠵᠤ᠂ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠶᠢ ᠠᠬᠢᠭᠤᠯᠵᠤ᠂ ᠮᠠᠰᠢᠨ ᠲᠡᠷᠭᠡ ᠵᠡᠷᠭᠡ ᠶᠢᠨ ᠶᠡᠭᠡ | ᠬᠡᠮᠵᠢᠶᠡᠨ ᠤ ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠡᠷᠡᠭᠯᠡᠭᠡ ᠶᠢ ᠠᠬᠢᠭᠤᠯᠬᠤ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠷᠦᠯᠴᠡᠬᠦ | ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠬᠡᠷᠡᠭᠯᠡᠭᠡᠨ ᠤ ᠵᠢᠭᠡᠯᠡᠯᠭᠡ ᠶᠢ | ᠵᠦᠢ ᠵᠣᠬᠢᠰᠲᠠᠢ ᠨᠡᠮᠡᠭᠳᠡᠭᠦᠯᠦᠨ᠎ᠡ᠃ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠢ ᠰᠠᠶᠢᠲᠤᠷ ᠬᠡᠷᠡᠭᠯᠡᠵᠦ᠂ ᠣᠷᠣᠨ ᠰᠠᠭᠤᠴᠠ ᠶᠢᠨ | ᠵᠠᠪᠠᠯ ᠪᠠᠶᠢᠬᠤ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠪᠠᠲᠤᠯᠠᠭ᠎ᠠ ᠲᠠᠢ ᠲᠤᠰᠢᠶᠠᠬᠤ ᠠᠰᠠᠷ ᠤᠨ | ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ | ᠪᠠᠷᠢᠮᠲᠠᠯᠠᠵᠤ᠂ ᠪᠣᠳᠠᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠭᠠᠳᠠᠭᠠᠳᠤ ᠠᠷᠠᠯᠵᠢᠶ᠎ᠠ ᠶᠢ ᠴᠢᠷᠮᠠᠶᠢᠨ | ᠲᠣᠭᠲᠠᠪᠤᠷᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠢ | ᠰᠡᠷᠭᠦᠭᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠢᠯᠢ ᠠᠴᠠ ᠭᠠᠷᠴᠤ ᠦᠵᠡᠰᠬᠦᠯᠡᠩ ᠳᠤ ᠣᠷᠤᠯᠴᠠᠬᠤ ᠶᠢ | ᠳᠡᠮᠵᠢᠨ᠎ᠡ᠃ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ᠂ ᠢᠲᠡᠭᠡᠮᠵᠢ ᠶᠢᠨ | ᠪᠠᠲᠤᠯᠠᠭ᠎ᠠ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠤ᠂ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠣᠷᠮ᠎ᠠ ᠶᠢᠨ ᠦᠨᠳᠦᠰᠦᠨ ᠳᠤ ᠪᠠᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ | ᠪᠠᠶᠢᠬᠤ ᠶᠢ ᠲᠣᠭᠲᠠᠭᠤᠨ ᠢᠶᠠᠷ ᠪᠠᠲᠤᠯᠠᠨ᠎ᠠ᠃ ᠠᠵᠤ ᠠᠬᠤᠶᠢᠯᠠᠯ ᠤᠨ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠰᠠᠶᠢᠲᠤᠷ ᠠᠰᠢᠭᠯᠠᠵᠤ ᠪᠠᠶᠢᠭᠠᠳ ᠵᠠᠬ᠎ᠠ ᠳᠡᠯᠭᠡᠭᠦᠷ ᠢ | ᠥᠷᠭᠡᠳᠬᠡᠬᠦ ᠶᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ | ᠵᠡᠷᠭᠡ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠶᠢ ᠵᠦᠢ ᠵᠣᠬᠢᠰᠲᠠᠢ ᠥᠷᠭᠡᠳᠬᠡᠨ᠎ᠡ᠃ | ᠭᠤᠷᠪᠠ ᠳᠤ᠂ ᠭᠠᠳᠠᠭᠠᠳᠤ ᠪᠡᠯᠡ ᠶᠢ ᠢᠳᠡᠪᠬᠢᠲᠡᠢ ᠪᠠᠷ ᠲᠠᠲᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠵᠤ ᠨᠡᠭᠡᠭᠡᠬᠦ ᠠᠵᠤ ᠦᠢᠯᠡᠰ ᠤᠨ ᠰᠢᠨ᠎ᠡ ᠭᠠᠷᠴᠠᠭ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ | ᠵᠣᠷᠢᠭᠵᠢᠭᠤᠯᠤᠨ᠎ᠠ᠃ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠡᠮᠵᠢᠨ᠎ᠠ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠤᠨ᠎ᠠ᠃ ᠬᠥᠮᠥᠰ ᠤᠨ ᠬᠢᠯᠢ ᠠᠯᠤᠰᠯᠠᠨ ᠶᠠᠪᠤᠯᠴᠠᠬᠤ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ ᠶᠢ ᠦᠷᠭᠦᠯᠵᠢᠯᠡᠨ | ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ |