ᠯᠢᠦ ᡁᠢ ᠹᠠᠩ᠄ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠤᠶᠢᠯᠡᠰ ᠲᠤ ᠰᠠᠭᠤᠷᠢᠯᠠᠨ 18 ᠵᠢᠯ ᠤᠨ ᠲᠤᠷᠰᠢ ᠣᠯᠠᠨ ᠲᠦᠮᠡᠨ ᠤ ᠡᠷᠡᠭᠦᠯ ᠮᠡᠨᠳᠦ  ᠶᠢᠨ ᠲᠦᠯᠦᠭᠡ ᠴᠢᠷᠮᠠᠶᠢᠨ ᠵᠢᠳᠭᠦᠪᠡ
ᠨᠡᠶᠢᠲᠡᠯᠡᠭᠰᠡᠨ ᠴᠠᠭ᠄
2023/10/15
    ᠠᠷᠪᠠ ᠭᠠᠷᠤᠶ ᠵᠢᠯ ᠤᠨ ᠲᠤᠷᠰᠢ᠂ ᠲᠡᠷᠡ ᠬᠥᠳᠡᠭᠡ ᠲᠣᠰᠬᠤᠨ ᠳᠤ ᠰᠠᠭᠤᠷᠢᠯᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠪᠠᠶᠢᠷᠢᠨ ᠳᠤ ᠶᠡᠭᠡ ᠬᠡᠮᠵᠢᠶᠡᠨ ᠤ ᠣᠶᠤᠨ ᠴᠢᠳᠠᠯ ᠪᠠ ᠬᠦᠴᠦ ᠬᠥᠳᠡᠯᠮᠦᠷᠢ ᠪᠠᠨ ᠬᠠᠷᠠᠮ ᠥᠬᠡᠶ ᠵᠣᠷᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠪᠠ᠃ ᠲᠡᠷᠡ ᠪᠣᠯ ᠳᠠᠷᠤᠢ ᠯᠢᠦ ᡁᠢ ᠹᠠᠩ᠂ 1980 ᠣᠨ ᠤ 11 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠴᠡᠢ᠂ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃
      2005 ᠣᠨ ᠳᠤ᠂ ᠶᠡᠭᠡ ᠰᠤᠷᠭᠠᠭᠤᠯᠢ ᠠᠴᠠ ᠰᠠᠶ᠋ᠢᠬᠠᠨ ᠲᠡᠭᠦᠰᠦᠭᠰᠡᠨ ᠲᠡᠷᠡ ᠯᠢᠶᠠᠩᠴᠧᠩ ᠰᠢᠶᠠᠨ ᠤ ᠶᠦᠩᠰᠢᠩ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠡᠮ ᠤᠨ ᠳᠡᠯᠭᠡᠭᠦᠷ ᠲᠤ ᠬᠤᠪᠢᠶᠠᠭᠳᠠᠨ ᠠᠵᠢᠯᠯᠠᠵᠤ᠂ ᠡᠷᠡᠭᠦᠯ ᠬᠠᠮᠠᠭᠠᠯᠠᠯ ᠤᠨ ᠬᠤᠷᠢᠶᠠᠨ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ᠂ 2012 ᠣᠨ ᠳᠤ ᠲᠡᠭᠦᠨ ᠤ ᠠᠵᠢᠯ ᠳᠤᠪᠤᠶᠢᠮ᠎ᠠ ᠪᠠᠶᠢᠭᠰᠠᠨ ᠠᠴᠠ ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ 12 ᠵᠢᠯ ᠠᠵᠢᠯᠯᠠᠵᠤ᠂ ᠲᠡᠷᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ᠤᠨ ᠳᠠᠷᠤᠭ᠎ᠠ ᠶᠢᠨ ᠬᠤᠪᠢ ᠪᠠᠷ᠂ ᠭᠤᠤᠯᠳᠠᠭᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠬᠥᠳᠡᠭᠡ ᠲᠣᠰᠬᠤᠨ ᠤ ᠡᠮᠴᠢ ᠶᠢᠨ ᠨᠢᠭᠡ ᠴᠤᠭᠴᠠᠵᠢᠭᠰᠠᠨ ᠬᠠᠮᠢᠶᠠᠷᠤᠯᠲᠠ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠲᠥᠷᠥᠯ  ᠵᠤᠶᠢᠯ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠤᠶᠢᠯᠡᠴᠢᠯᠡᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠵᠦ ᠪᠣᠶ᠃ ᠦᠷᠭᠦᠯᠵᠢ ᠬᠥᠳᠡᠭᠡ ᠪᠠᠭᠤᠵᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠦᠨᠳᠦᠰᠦᠨ ᠳᠡᠭᠡᠨ ᠰᠠᠷ᠎ᠠ ᠪᠦᠷᠢ 5 ᠡᠳᠦᠷ ᠠᠴᠠ ᠳᠤᠲᠠᠭᠤ ᠥᠬᠡᠶ ᠪᠠᠶᠢᠵᠤ᠂ ᠬᠥᠳᠡᠭᠡ ᠲᠣᠰᠬᠤᠨ ᠤ ᠡᠮᠴᠢ ᠶᠢ ᠪᠠᠷᠤᠭ 20 ᠬᠥᠮᠦᠨ ᠤᠳᠠᠭ᠎ᠠ ᠬᠠᠮᠤᠷᠴᠤ᠂ 12 ᠵᠢᠯ ᠤᠨ ᠲᠤᠷᠰᠢ ᠬᠥᠳᠡᠭᠡ ᠪᠠᠭᠤᠵᠤ ᠬᠥᠳᠡᠭᠡ ᠲᠣᠰᠬᠤᠨ ᠤ ᠡᠮᠴᠢ ᠶᠢ ᠨᠡᠶᠢᠲᠡ 1800 ᠬᠥᠮᠦᠨ ᠤᠳᠠᠭ᠎ᠠ ᠵᠢᠯᠣᠭᠤᠳᠴᠤ᠂ ᠰᠢᠶᠠᠩ ᠪᠠᠯᠭᠠᠰᠤ ᠲᠣᠰᠬᠤᠨ ᠪᠣᠯᠭᠠᠨ ᠳᠤ ᠴᠥᠮ ᠲᠡᠭᠦᠨ ᠤ ᠤᠯᠠ ᠮᠥᠷ ᠢ ᠦᠯᠡᠳᠡᠭᠡᠭᠰᠡᠨ ᠪᠠᠶᠢᠨ᠎ᠠ᠃    ᠵᠢᠯ ᠪᠦᠷᠢ ᠰᠢᠶᠠᠨ ᠠᠴᠠ ᠬᠥᠳᠡᠭᠡ ᠲᠣᠰᠬᠤᠨ ᠤ ᠡᠮᠴᠢ ᠶᠢᠨ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠬᠤ ᠳᠤ᠂ ᠲᠡᠷᠡ ᠪᠦᠷ ᠪᠠᠭᠰᠢ ᠶᠢᠨ ᠬᠤᠪᠢ ᠪᠠᠷ ᠬᠥᠳᠡᠭᠡ ᠲᠣᠰᠬᠤᠨ ᠤ ᠡᠮᠴᠢ ᠳᠤ ᠬᠢᠴᠢᠶᠡᠯ ᠣᠷᠣᠵᠤ᠂ ᠲᠡᠭᠦᠨ ᠢ ᠯᠢᠶᠠᠩᠴᠧᠩ ᠰᠢᠶᠠᠨ ᠤ 150 ᠭᠠᠷᠤᠢ ᠬᠥᠳᠡᠭᠡ ᠲᠣᠰᠬᠤᠨ ᠤ ᠡᠮᠴᠢ ᠶᠢᠨ ︽ᠠᠩᠬᠢ ᠶᠢᠨ ᠡᠷᠬᠢᠯᠡᠭᠴᠢ︾ ᠭᠡᠵᠦ ᠬᠡᠯᠡᠵᠦ ᠪᠣᠯᠤᠨ᠎ᠠ᠃ ᠲᠡᠭᠦᠨ ᠤ ᠡᠭᠦᠷᠭᠡᠯᠡᠭᠰᠡᠨ ᠠᠵᠢᠯ ᠤᠨ ᠡᠭᠦᠷᠭᠡ ᠶᠢ ᠶᠡᠷᠦ ᠠᠴᠠ ᠰᠢᠪᠠᠳᠠᠳᠠᠭ ᠦᠭᠡᠢ᠂ ᠦᠨᠳᠦᠰᠦᠨ ᠳᠡᠭᠡᠨ ᠤᠳᠠᠭ᠎ᠠ ᠪᠦᠷᠢ ᠲᠡᠷᠡ ᠳᠠᠷᠤᠶ ᠳᠤᠨᠢ ᠪᠡᠶᠡᠯᠡᠭᠦᠯᠵᠦ᠂ ᠬᠠᠮᠲᠤ ᠠᠵᠢᠯᠯᠠᠭᠰᠠᠳ᠂ ᠤᠳᠤᠷᠢᠳᠤᠯᠭ᠎ᠠ ᠨᠠᠷ ᠤᠨ ᠤᠯᠠᠨ ᠤᠳᠠᠭᠠᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃    ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠢᠦᠢ ᠯᠦ    ᠯᠢᠦ ᡁᠢ ᠹᠠᠩ ᠨᠥᠬᠦᠷ ᠠᠵᠢᠯ ᠤᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠵᠢᠯ ᠦᠢᠯᠡᠰ ᠲᠡᠭᠡᠨ ᠵᠢᠳᠬᠦᠬᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠦᠵᠡᠯ ᠰᠠᠨᠠᠭᠠᠨ ᠤ ᠪᠠᠶᠢᠳᠠᠯ ᠢᠶᠠᠷ ᠰᠠᠶᠢᠨ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠵᠣᠪᠠᠭᠤᠷᠢ ᠵᠦᠳᠡᠭᠦᠷᠢ ᠶᠢ ᠠᠮᠰᠠᠬᠤ ᠠᠴᠠ ᠠᠶᠤᠬᠤ ᠦᠭᠡᠢ᠂ ᠠᠵᠢᠯ ᠳᠠᠭᠠᠨ ᠰᠢᠷᠭᠠᠭᠤ ᠬᠠᠲᠠᠭᠤᠵᠢᠯᠲᠠᠶ᠂ ᠠᠵᠢᠯ ᠶᠠᠪᠤᠳᠠᠯ ᠬᠢᠬᠦ ᠳᠡᠭᠡᠨ ᠯᠠᠪᠳᠠᠭᠤᠨ ᠪᠠᠲᠤᠲᠠᠶ᠂ ᠤᠳᠤᠷᠢᠳᠤᠯᠭ᠎ᠠ ᠶᠠᠮᠠᠷ ᠠᠵᠢᠯ ᠬᠤᠪᠢᠶᠠᠷᠢᠯᠠᠬᠤ ᠳᠠᠭᠠᠨ ᠴᠥᠮ ᠲᠥᠪ ᠴᠢᠩᠭ᠎ᠠ ᠨᠠᠷᠢᠨ ᠬᠢᠨᠠᠮᠠᠭᠠᠶ ᠪᠠᠷ ᠬᠠᠨᠳᠤᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ ᠴᠢᠳᠠᠳᠠᠭ ᠶᠤᠮ᠃    ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠳᠤ ᠦᠨᠳᠦᠰᠦᠯᠡᠭᠰᠡᠨ 18 ᠵᠢᠯ ᠤᠨ ᠲᠤᠷᠰᠢ᠂ ᠯᠢᠦ ᡁᠢ ᠹᠠᠩ ᠦᠨᠳᠦᠰᠦᠨ ᠱᠠᠲᠤᠨ ᠤ ᠠᠵᠢᠯ ᠤᠨ ᠠᠮᠢᠳᠤᠷᠠᠯ ᠳᠠᠭᠠᠨ ᠨᠢᠭᠡ ᠶᠠᠪᠤᠳᠠᠯ ᠢ ᠰᠣᠩᠭᠤᠵᠤ᠂ ᠨᠠᠰᠤᠨ ᠲᠤᠷᠰᠢᠳᠠ ᠶᠢᠨ ᠤᠷᠠᠨ ᠳᠠᠷᠬᠠᠨ ᠤ ᠵᠣᠷᠢᠭ ᠰᠠᠨᠠᠭ᠎ᠠ ᠪᠠᠷ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠡᠮᠦᠨ᠎ᠡ ᠹᠷᠣᠨᠲ ᠲᠤ ᠢᠮᠠᠭᠲᠠ ᠲᠡᠮᠡᠴᠡᠭᠰᠡᠭᠡᠷ ᠢᠷᠡᠪᠡ᠃ 2023 ᠣᠨ ᠤ 8 ᠰᠠᠷ᠎ᠠ ᠳᠤ᠂ ᠯᠢᠦ ᡁᠢ ᠹᠠᠩ ︽ᠤᠯᠠᠭᠠᠨᠴᠠᠪ ᠤᠨ ᠰᠠᠶᠢᠨ ᠬᠥᠮᠦᠨ︾ ᠭᠡᠬᠦ ᠢᠷᠠᠭᠤ ᠠᠯᠳᠠᠷ ᠤᠨ ᠴᠣᠯᠠ ᠭᠥᠷᠳᠡᠵᠦ᠂ ᠲᠡᠭᠦᠨ ᠤ  ᠤᠶᠢᠯᠡ ᠠᠵᠢᠯᠯᠠᠭ᠎ᠠ ᠨᠢ ᠥᠷᠭᠡᠨ ᠢᠶᠠᠷ ᠤᠯᠠᠮᠵᠢᠯᠠᠭᠳᠠᠨ ᠮᠠᠭᠲᠠᠭᠳᠠᠪᠠ᠃    ᠲᠡᠷᠡ ᠪᠣᠯ ᠳᠠᠷᠤᠶ ᠡᠶᠢᠮᠦ ᠨᠢᠭᠡᠨ ᠠᠵᠢᠯᠴᠢ ᠬᠢᠴᠢᠶᠡᠩᠭᠦᠶ᠂ ᠳᠤᠷᠠᠲᠠᠶ᠎ᠠ ᠬᠤᠪᠢ ᠨᠡᠮᠡᠷᠢ ᠦᠵᠡᠭᠦᠯᠳᠡᠭ ᠬᠥᠮᠦᠨ ᠮᠥᠨ᠂ ᠤᠯᠠᠨ ᠲᠦᠮᠡᠨ ᠤ ᠡᠷᠡᠭᠦᠯ ᠮᠡᠨᠳᠤ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠠᠵᠢᠯ ᠳᠠᠭᠠᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠠᠵᠢᠯ ᠤᠨ ᠪᠠᠶᠢᠷᠢ ᠳᠡᠭᠡᠷ᠎ᠡ ᠥᠩᠭᠡᠷᠡᠭᠰᠡᠨ ᠲᠠᠢ ᠪᠠᠨ ᠠᠳᠠᠯᠢ ᠪᠠᠷ ᠦᠭᠡ ᠲᠠᠭᠤᠨ ᠦᠭᠡᠢ ᠪᠠᠷ ᠥᠪᠡᠷ ᠤᠨ ᠪᠡᠶ᠎ᠡ ᠪᠠᠨ ᠵᠣᠷᠢᠭᠤᠯᠤᠭᠰᠠᠭᠠᠷ ᠢᠷᠡᠭᠰᠡᠨ ᠶᠤᠮ᠃    ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ    ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ᠤᠨ ᠳᠠᠷᠤᠭ᠎ᠠ ᠯᠢᠦ ᡁᠢ ᠹᠠᠩ    ᠲᠠᠷᠠᠭᠠᠴᠢ ᠶᠢᠨ ᠠᠯᠬᠤᠮ ᠳᠤ᠂ ᠪᠢ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠤᠳᠤᠷᠢᠳᠤᠯᠭ᠎ᠠ ᠶᠢᠨ ᠲᠤᠰᠢᠶᠠᠭᠰᠠᠨ ᠡᠭᠦᠷᠭᠡ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠰᠢᠶᠠᠨ ᠤ ᠰᠠᠭᠤᠭᠠᠯᠢ ᠠᠷᠠᠳ ᠤᠨ ᠠᠵᠢᠯ ᠤᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠮᠠᠨ ᠤ ᠰᠢᠶᠠᠨ ᠤ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ  ᠭᠡᠪᠡ᠃                                 ᠨᠠᠶᠢᠷᠠᠭᠤᠯᠤᠭᠴᠢ᠄   ᠶᠠᠩ  ᠿᠦᠢ ᠵᠧᠨ                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2