︵2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠳᠤᠯᠠᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠤᠶᠢᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ | ᠪᠥᠲᠥᠭᠡᠨ ᠪᠠᠶᠢᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠥᠨᠳᠥᠷ ᠬᠢᠷᠢ | ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠤᠯᠤᠰ ᠤᠨ | ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢ | ᠠᠬᠢᠭᠤᠯᠬᠤ ᠠᠵᠢᠯ ᠵᠢᠴᠢ ᠬᠠᠮᠢᠶ᠎ᠠ ᠪᠥᠬᠦᠶ ᠠᠵᠢᠯᠯᠠᠭ᠎ᠠ ᠳᠤ ᠲᠣᠰ ᠲᠦᠷᠢᠮ ᠳᠣᠭᠢᠷᠠᠨ᠎ᠠ᠃ | ᠭᠤᠷᠪᠠᠳᠤᠭᠠᠷ ᠵᠦᠢᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ | ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ | ᠰᠦᠪᠡᠭᠴᠢᠯᠡᠬᠦ᠂ ᠲᠦᠷᠢᠮ ᠢᠶᠠᠷ ᠬᠦᠳᠦᠯᠦᠨ ᠳᠠᠭᠠᠭᠤᠯᠬᠤ᠂ ᠳᠠᠪᠠᠭᠤᠯᠢᠭ ᠢ ᠪᠤᠶᠢᠵᠢᠭᠤᠯᠬᠤ᠂ ᠳᠣᠲᠣᠭᠠᠳᠤ | ᠭᠠᠳᠠᠭᠠᠳᠤ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠬᠥᠭᠵᠢᠬᠦ ᠵᠠᠷᠴᠢᠮ ᠢ ᠵᠢᠷᠤᠮᠯᠠᠨ᠂ ᠭᠠᠳᠠᠭᠰᠢ ᠨᠡᠭᠡᠭᠡᠬᠦ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ | ᠴᠡᠭ ᠪᠠ ᠤᠯᠤᠰ ᠤᠨ ᠳᠣᠲᠣᠭᠠᠳᠤ ᠶᠢᠨ ᠤᠯᠠᠨ ᠤᠯᠤᠰ ᠤᠨ ᠬᠤᠣᠰ ᠣᠷᠴᠢᠯ ᠤᠨ ᠪᠠᠶᠢᠯᠳᠤᠬᠤ ᠪᠤᠳᠤᠯᠭ᠎ᠠ ᠶᠢᠨ | ᠲᠤᠯᠬᠤ ᠴᠡᠭ ᠢ ᠪᠤᠢ ᠪᠣᠯᠭᠠᠵᠤ᠂ ᠤᠯᠤᠰ ᠤᠨ ᠳᠣᠲᠣᠭᠠᠳᠤ ᠶᠢᠨ ᠤᠯᠠᠨ ᠤᠯᠤᠰ ᠤᠨ ᠬᠤᠣᠰ ᠣᠷᠴᠢᠯ ᠢ | ᠬᠤᠯᠪᠣᠯᠳᠤᠭᠤᠯᠤᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠨᠡᠩ ᠰᠠᠶᠢᠨ ᠦᠢᠯᠡᠴᠢᠯᠡᠬᠦ ᠪᠠ ᠲᠡᠭᠦᠨ ᠳᠤ ᠠᠭᠤᠰᠤᠯᠴᠠᠨ᠎ᠠ᠃ | ᠳᠥᠷᠪᠡᠳᠦᠭᠡᠷ ᠵᠦᠢᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ | ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠠ ᠵᠡᠭᠦᠨ ᠭᠤᠷᠪᠠᠨ | ᠮᠤᠵᠢ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠧᠦ᠋ᠷᠣᠫᠠ ᠲᠢᠪ᠂ ᠵᠡᠭᠦᠨ ᠬᠤᠶᠢᠲᠤ ᠠᠽᠢᠶ᠎ᠠ᠂ | ᠳᠤᠮᠳᠠᠳᠤ ᠪᠠᠷᠠᠭᠤᠨ ᠠᠽᠢᠶ᠎ᠠ ᠵᠡᠷᠭᠡ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠵᠤ᠂ ᠨᠡᠩ ᠶᠡᠭᠡ ᠬᠡᠪᠴᠢᠶ᠎ᠡ᠂ | ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠪᠦᠬᠦ ᠲᠠᠯ᠎ᠠ ᠶᠢᠨ ᠨᠡᠭᠡᠭᠡᠯᠳᠡ ᠶᠢᠨ ᠰᠢᠨ᠎ᠡ ᠪᠠᠶᠢᠷᠢᠰᠢᠯ ᠢ | ᠪᠤᠢ ᠪᠣᠯᠭᠠᠵᠤ᠂ ᠤᠯᠤᠰ ᠤᠨ ᠤᠮᠠᠷᠠᠰᠢ ᠨᠡᠭᠡᠭᠡᠯᠳᠡ ᠬᠢᠬᠦ ᠳᠤ ᠦᠢᠯᠡᠴᠢᠯᠡᠬᠦ ᠪᠠ ᠲᠡᠭᠦᠨ ᠢ ᠠᠬᠢᠭᠤᠯᠤᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ | ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠵᠢᠯᠣᠭᠤᠳᠤᠨ | ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ | ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠤᠨ ᠴᠢᠬᠤᠯᠠ ᠵᠦᠢᠯᠡᠰ ᠢ ᠰᠤᠳᠤᠯᠤᠨ ᠰᠢᠢᠳᠪᠤᠷᠢᠯᠡᠨ᠎ᠡ᠃ | ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷ᠎ᠠ ᠤᠯᠤᠰ ᠠᠴᠠ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ | ᠪᠠᠶᠢᠭᠤᠯᠬᠤ ᠠᠵᠢᠯ ᠢ ᠬᠠᠷᠢᠭᠤᠴᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠠᠵᠤ ᠤᠶᠢᠯᠡᠳᠪᠤᠷᠢ | ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠵᠠᠮ | ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠭᠠᠳᠠᠭᠠᠳᠤ | ᠶᠠᠪᠤᠳᠠᠯ᠂ ᠪᠣᠭᠤᠮᠲᠠ᠂ ᠬᠢᠯᠢ ᠪᠠᠷ ᠭᠠᠷᠬᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠠᠯᠵᠢᠶ᠎ᠠ ᠶᠢ ᠠᠬᠢᠭᠤᠯᠬᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠤᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠤᠯᠤᠰ ᠠᠴᠠ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠪᠠᠶᠢᠭᠤᠯᠬᠤ ᠠᠵᠢᠯ ᠳᠤ ᠬᠠᠤᠯᠢ ᠶᠣᠰᠣᠭᠠᠷ ᠣᠷᠣᠯᠴᠠᠵᠤ᠂ ᠤᠯᠠᠨ ᠤᠯᠤᠰ ᠤᠨ ᠬᠤᠳᠠᠯᠳᠤᠭᠠᠨ ᠤ | ᠨᠡᠶᠢᠭᠡᠮᠯᠢᠭ ᠯᠦᠭᠡ ᠶᠢᠨ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠠᠵᠤ ᠠᠬᠤᠶ ᠠᠷᠠᠯᠵᠢᠶᠠᠨ ᠤ | ᠠᠵᠢᠯᠯᠠᠭ᠎ᠠ ᠶᠢ ᠠᠬᠢᠭᠤᠯᠬᠤ ᠬᠡᠷᠡᠭᠲᠡᠶ᠃ | ᠳᠣᠯᠣᠳᠤᠭᠠᠷ ᠵᠦᠢᠯ ᠡᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠤᠯᠤᠰ ᠠᠴᠠ ᠤᠮᠠᠷᠠᠰᠢ | ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠳᠦᠭᠡᠨ ᠪᠠᠶᠢᠭᠤᠯᠬᠤ ᠬᠤᠯᠪᠣᠭᠳᠠᠯ ᠪᠦᠬᠦᠢ ᠠᠵᠢᠯᠯᠠᠭ᠎ᠠ ᠳᠤ | ᠬᠠᠤᠯᠢ ᠶᠣᠰᠣᠭᠠᠷ ᠣᠷᠣᠯᠴᠠᠨ᠎ᠠ᠃ | ᠬᠤᠶᠠᠳᠤᠭᠠᠷ ᠪᠦᠯᠦᠭ ᠬᠥᠭᠦᠷᠭᠡᠨ ᠪᠠᠬᠢᠯᠡᠯᠲᠡ ᠶᠢᠨ ᠴᠢᠳᠠᠮᠵᠢ ᠶᠢ ᠳᠡᠭᠡᠭᠰᠢᠯᠡᠭᠦᠯᠦᠨ᠎ᠡ | ᠨᠠᠢᠮᠠᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠠᠴᠠ ᠳᠣᠲᠣᠭᠠᠳᠤ ᠭᠠᠳᠠᠭᠠᠳᠤ ᠶᠢ ᠬᠤᠯᠪᠣᠭᠰᠠᠨ᠂ | ᠡᠷᠬᠢᠨ ᠲᠣᠭᠤᠷᠢᠨ ᠢ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠦᠨ ᠲᠥᠪᠯᠡᠷᠡᠭᠦᠯᠵᠦ ᠲᠠᠷᠬᠠᠭᠠᠬᠤ᠂ ᠬᠦᠴᠦᠨ | ᠵᠤᠶᠢᠯ ᠢ ᠠᠭᠤᠰᠤᠯᠴᠠᠭᠤᠯᠤᠨ ᠨᠡᠪᠲᠡᠷᠡᠭᠦᠯᠬᠦ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ | ᠲᠦᠷᠭᠡᠳᠬᠡᠨ ᠪᠠᠶᠢᠭᠤᠯᠵᠤ᠂ ᠨᠡᠭᠡᠭᠡᠯᠲᠡ ᠶᠢᠨ ᠶᠡᠭᠡ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ | ᠴᠢᠩᠭᠠᠷᠠᠭᠤᠯᠤᠨ᠂ ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡ ᠶᠢᠨ ᠳᠠᠪᠠᠭᠤᠯᠢᠭ ᠪᠠ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠭᠤᠮᠲᠠ ᠶᠢᠨ | ᠬᠠᠮᠢᠶᠠᠷᠤᠯᠲᠠ ᠶᠢᠨ ᠠᠮᠤᠷ ᠠᠮᠤᠭᠤᠯᠠᠩ᠂ ᠬᠦᠴᠦᠨ ᠴᠢᠳᠠᠪᠤᠷᠢ᠂ ᠣᠶᠤᠨ ᠤᠬᠠᠭᠠᠨ᠂ ᠬᠠᠤᠯᠢ ᠪᠠᠷ ᠵᠠᠰᠠᠬᠤ᠂ | ᠪᠣᠬᠢᠷᠲᠤᠯ ᠥᠬᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ | ᠣᠷᠣᠨ ᠤ ᠡᠯ᠎ᠡ ᠪᠣᠭᠤᠮᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ᠂ ᠬᠥᠭᠵᠢᠯᠲᠡ ᠳᠤ ᠲᠥᠷᠥᠯ ᠬᠤᠪᠢᠶᠠᠨ | ᠵᠢᠯᠣᠭᠤᠳᠬᠤ ᠪᠠ ᠲᠥᠯᠥᠪᠵᠢᠭᠦᠯᠬᠦ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠨᠡᠭᠡᠭᠡᠯᠲᠡ ᠬᠢᠬᠦ ᠶᠢ ᠥᠷᠭᠡᠳᠬᠡᠬᠦ᠂ | ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠬᠢᠬᠦ᠂ ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ᠂ | ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠪᠣᠭᠤᠮᠲᠠ ᠶᠢᠨ ᠢᠵᠢᠯᠰᠢᠭᠦᠯᠦᠨ ᠥᠷᠢᠰᠦᠯᠳᠦᠬᠦ᠂ | ᠭᠠᠭᠴᠠᠭᠠᠷᠳᠠᠮᠠᠯ ᠬᠡᠯᠪᠡᠷᠢ ᠪᠠᠷ ᠠᠵᠢᠯᠯᠠᠬᠤ ᠠᠴᠠ ᠵᠠᠶᠢᠯᠠᠰᠬᠢᠵᠦ᠂ ᠪᠣᠭᠤᠮᠲᠠ ᠶᠢᠨ ᠲᠥᠪᠯᠡᠷᠡᠭᠦᠯᠬᠦ᠂ ᠰᠠᠴᠤᠷᠠᠭᠯᠠᠨ | ᠨᠥᠯᠥᠭᠡᠯᠡᠬᠦ ᠴᠢᠳᠠᠮᠵᠢ ᠪᠠ ᠳᠡᠯᠡᠬᠡᠶ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠠᠷᠪᠠᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠣᠭᠤᠮᠲᠠ ᠶᠢᠨ | ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠪᠣᠳᠠᠲᠠᠶ ᠨᠥᠬᠦᠴᠡᠯ ᠢᠶᠠᠨ ᠦᠨᠳᠦᠰᠦᠯᠡᠨ ᠪᠣᠭᠤᠮᠲᠠ ᠶᠢᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠠᠮᠠ ᠶᠢᠨ ᠠᠵᠤ ᠤᠶᠢᠯᠡᠰ ᠤᠨ ᠲᠥᠪᠯᠡᠷᠡᠯ ᠤᠨ | ᠴᠢᠳᠠᠪᠤᠷᠢ ᠶᠢ ᠳᠡᠭᠡᠭᠰᠢᠯᠡᠭᠦᠯᠦᠨ᠂ ᠪᠣᠭᠤᠮᠲᠠ ᠶᠢᠨ ᠬᠤᠲᠠ ᠶᠢᠨ ᠪᠣᠭᠤᠮᠲᠠ ᠶᠢᠨ ᠴᠢᠳᠠᠮᠵᠢ ᠳᠠᠬᠢ ᠲᠤᠯᠭᠠᠭᠤᠷᠢᠯᠠᠬᠤ | ᠤᠶᠢᠯᠡᠳᠤᠯ ᠢ ᠴᠢᠩᠭᠠᠷᠠᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠶᠡᠷᠦᠩᠬᠡᠶᠢᠯᠡᠭᠰᠡᠨ ᠬᠦᠢᠰᠦ ᠪᠣᠭᠤᠮᠲᠠ ᠶᠢ ᠤᠷᠢᠳᠠᠪᠠᠷ ᠪᠥᠲᠥᠭᠡᠨ ᠪᠠᠶᠢᠭᠤᠯᠵᠤ᠂ ᠪᠣᠭᠤᠮᠲᠠ ᠶᠢᠨ ᠨᠡᠪᠲᠡᠷᠡᠬᠦ ᠵᠠᠮ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠤᠯᠤᠰ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡᠨ ᠤ | ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠦᠨ ᠤᠶᠢᠯᠡᠳᠬᠦ ᠪᠠᠷ ᠤᠳᠤᠷᠢᠳᠤᠮᠵᠢ ᠪᠣᠯᠭᠠᠵᠤ᠂ ᠪᠣᠭᠤᠮᠲᠠ ᠪᠠᠷ ᠥᠩᠭᠡᠷᠡᠬᠦ | ᠂ ᠠᠵᠤ ᠤᠶᠢᠯᠡᠰ᠂ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ ᠵᠡᠷᠭᠡ ᠰᠠᠭᠤᠷᠢ ᠪᠡᠯᠡᠳᠬᠡᠮᠵᠢ᠂ | ᠲᠥᠬᠦᠷ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠤᠶᠤᠨᠴᠢᠯᠠᠭᠰᠠᠨ ᠥᠭᠡᠷᠡᠴᠢᠯᠡᠯᠲᠡ ᠶᠢ ᠴᠢᠩᠭᠠᠳᠬᠠᠬᠤ | ᠬᠡᠷᠡᠭᠲᠡᠶ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ | ᠭᠤᠣᠯᠳᠠᠯᠭ᠎ᠠ ᠲᠠᠢ ᠲᠤᠰᠬᠠᠶ ᠮᠡᠷᠭᠡᠵᠢᠯ ᠤᠨ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠤᠣᠯᠳᠠᠯᠭ᠎ᠠ ᠲᠠᠢ ᠲᠤᠰᠬᠠᠶ | ᠮᠡᠷᠭᠡᠵᠢᠯ ᠤᠨ ᠪᠣᠭᠤᠮᠲᠠ ᠶᠢᠨ ᠴᠢᠳᠠᠪᠤᠷᠢ ᠶᠢ ᠥᠷᠭᠡᠳᠬᠡᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ | ᠪᠣᠭᠤᠮᠲᠠ ᠪᠠᠷ ᠨᠡᠪᠲᠡᠷᠡᠬᠦ ᠵᠠᠮ᠂ ᠣᠶᠤᠨᠴᠢ ᠪᠠᠷ ᠪᠣᠭᠤᠮᠲᠠ ᠥᠩᠭᠡᠷᠡᠬᠦ᠂ ᠪᠠᠶᠢᠴᠠᠭᠠᠨ ᠰᠢᠯᠭᠠᠬᠤ ᠪᠡᠯᠡᠳᠬᠡᠮᠵᠢ ᠵᠡᠷᠭᠡ | ᠴᠢᠳᠠᠪᠤᠷᠢ ᠶᠢ ᠨᠥᠬᠦᠪᠥᠷᠢᠯᠡᠬᠦ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠯᠢ ᠠᠯᠤᠰᠯᠠᠭᠰᠠᠨ ᠲᠡᠮᠦᠷ ᠵᠠᠮ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠮᠦᠷ ᠵᠠᠮ ᠤᠨ ᠲᠤᠰᠬᠠᠶ | ᠱᠤᠭᠤᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠮᠢᠩᠭᠠᠨ ᠲᠦᠮᠡᠨ ᠲᠣᠨ ᠤ ᠲᠠᠰ ᠠᠴᠠ ᠳᠡᠭᠡᠭᠰᠢᠬᠢ ᠬᠢᠯᠢ ᠶᠢᠨ ᠭᠠᠳᠠᠨᠠᠬᠢ ᠶᠡᠭᠡ | ᠬᠡᠮᠵᠢᠶᠡᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ ᠲᠤᠰᠬᠠᠶ ᠨᠡᠪᠲᠡᠷᠡᠬᠦ | ᠵᠠᠮ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠣᠮᠣ ᠬᠡᠯᠪᠡᠷᠢ ᠶᠢᠨ ᠨᠥᠭᠡᠴᠡᠯᠡᠬᠦ ᠰᠠᠭᠤᠷᠢᠨ ᠭᠠᠵᠠᠷ ᠢ | ᠪᠥᠲᠥᠭᠡᠨ ᠪᠠᠶᠢᠭᠤᠯᠬᠤ ᠶᠢ ᠳᠡᠮᠵᠢᠨ᠎ᠡ᠃ | ᠠᠷᠪᠠᠨ ᠭᠤᠷᠪᠠᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ | ᠡᠩ ᠤᠨ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠡᠩ ᠤᠨ ᠪᠣᠭᠤᠮᠲᠠ ᠶᠢᠨ ᠵᠦᠷᠢᠶᠡᠴᠢᠯᠡᠭᠰᠡᠨ ᠬᠠᠮᠵᠢᠯᠴᠠᠨ ᠬᠥᠭᠵᠢᠬᠦ ᠶᠢ ᠠᠬᠢᠭᠤᠯᠵᠤ᠂ | ᠡᠩ ᠤᠨ ᠪᠣᠭᠤᠮᠲᠠ ᠪᠠᠷ ᠥᠩᠭᠡᠷᠡᠬᠦ ᠤᠶᠢᠯᠡᠴᠢᠯᠡᠭᠡᠨ ᠤ ᠪᠠᠲᠤᠯᠠᠭ᠎ᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ | ᠪᠣᠭᠤᠮᠲᠠ ᠶᠢᠨ ᠨᠡᠪᠲᠡᠷᠡᠬᠦ ᠵᠠᠮ ᠤᠨ ᠴᠢᠳᠠᠮᠵᠢ ᠶᠢ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠬᠥᠮᠦᠰ ᠤᠨ ᠶᠠᠪᠤᠯᠴᠠᠭ᠎ᠠ | ᠂ ᠪᠠᠷᠠᠭᠠᠨ ᠤ ᠠᠷᠠᠯᠵᠢᠶ᠎ᠠ ᠶᠢᠨ ᠪᠣᠭᠤᠮᠲᠠ ᠪᠠᠷ ᠥᠩᠭᠡᠷᠡᠬᠦ ᠳᠤ ᠴᠢᠨᠠᠷ ᠰᠠᠶᠢᠲᠠᠶ ᠤᠶᠢᠯᠡᠴᠢᠯᠡᠭᠡᠨ ᠬᠠᠩᠭᠠᠬᠤ ᠬᠡᠷᠡᠭᠲᠡᠶ᠃ | | ᠠᠷᠪᠠᠨ ᠳᠥᠷᠪᠡᠳᠦᠭᠡᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠵᠢᠰᠢᠶᠠᠨ ᠤ ᠭᠠᠯᠲᠤ ᠲᠡᠷᠭᠡ ᠶᠢᠨ ᠡᠬᠢᠯᠡᠨ ᠶᠠᠪᠤᠭᠤᠯᠬᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠵᠠᠮ ᠳᠠᠭᠠᠤ ᠶᠢᠨ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠮᠠᠨᠵᠤᠤᠷ᠂ ᠡᠷᠢᠶᠡᠨ ᠬᠤᠳᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠭᠠᠨᠴᠠᠪ ᠤᠨ ᠤᠯᠠᠨ ᠤᠯᠤᠰ ᠤᠨ ᠡᠭᠡ | ᠬᠠᠭᠤᠷᠠᠢ ᠶᠢᠨ ᠭᠠᠷᠠᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠤᠣᠰ ᠴᠢᠭᠯᠡᠯ ᠤᠨ ᠪᠠᠷᠠᠭᠠᠨ ᠤ | ᠢᠷᠡᠯᠳᠡ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠥᠷᠭᠡᠳᠬᠡᠵᠦ᠂ ᠪᠠᠷᠠᠭᠠᠨ ᠤ ᠭᠦᠢᠯᠭᠡᠭᠡ ᠶᠢ | ᠨᠠᠶᠢᠳᠠᠪᠤᠷᠢᠵᠢᠭᠤᠯᠬᠤ᠂ ᠠᠷᠠᠯᠵᠢᠶ᠎ᠠ ᠶᠢ ᠨᠠᠶᠢᠳᠠᠪᠤᠷᠢᠵᠢᠭᠤᠯᠬᠤ᠂ ᠡᠳ᠋ᠰᠢᠭᠦᠯᠦᠨ ᠪᠣᠯᠪᠠᠰᠤᠷᠠᠭᠤᠯᠬᠤ ᠶᠢ ᠠᠬᠢᠭᠤᠯᠤᠨ᠎ᠠ᠃ | | ᠠᠷᠪᠠᠨ ᠲᠠᠪᠤᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ | ᠲᠡᠷᠭᠡ ᠶᠢᠨ ᠠᠵᠢᠯᠯᠠᠭᠠᠨ ᠤ ᠲᠠᠪᠴᠠᠩ ᠢ ᠡᠮᠬᠢᠯᠡᠨ ᠨᠡᠶᠢᠯᠡᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ | ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠥᠲᠥᠭᠡᠨ ᠪᠠᠶᠢᠭᠤᠯᠵᠤ᠂ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠲᠥᠪ ᠤᠨ ᠶᠠᠰᠤ ᠴᠢᠨᠠᠷ ᠢ ᠲᠡᠭᠡᠭᠰᠢᠯᠡᠭᠦᠯᠦᠨ᠎ᠡ᠃ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠵᠠᠮ ᠳᠠᠭᠠᠤ ᠶᠢᠨ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠭᠤᠤᠯ ᠨᠡᠪᠲᠡᠷᠡᠬᠦ ᠵᠠᠮ ᠤᠨ ᠤᠶᠢᠯᠡᠳᠤᠯ ᠢ ᠪᠠᠳᠠᠷᠠᠭᠤᠯᠵᠤ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠪᠠᠷ ᠠᠴᠢᠶᠠᠯᠠᠪᠤᠷᠢ ᠪᠣᠯᠭᠠᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ ᠶᠢ | ᠬᠦᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠣᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠤᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ | ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠪᠦᠲᠦᠴᠡ ᠶᠢᠨ | ᠲᠤᠬᠢᠷᠠᠭᠤᠯᠤᠯᠳᠠ ᠶᠢ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠮᠡᠷᠭᠡᠵᠢᠯ ᠲᠣᠨᠣᠭᠯᠠᠯ ᠤᠨ ᠲᠡᠰ ᠳᠡᠪᠰᠢᠬᠦ ᠶᠢ ᠴᠢᠩᠭᠠᠳᠬᠠᠵᠤ᠂ ᠤᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠡᠭᠡᠭᠡᠪᠦᠷᠢ ᠶᠢᠨ ᠦᠷ᠎ᠡ ᠪᠦᠲᠦᠮᠵᠢ᠂ ᠳᠠᠭᠠᠭᠠᠬᠤ ᠴᠢᠳᠠᠪᠤᠷᠢ ᠪᠠ | ᠵᠣᠯᠭᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠷᠪᠠᠨ ᠳᠣᠯᠣᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ | ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠲᠡᠮᠦᠷ ᠵᠠᠮ᠂ | ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠨᠦᠭᠦᠳ ᠬᠢᠯᠢ ᠠᠯᠤᠰᠯᠠᠭᠰᠠᠨ ᠨᠡᠪᠲᠡᠷᠡᠬᠦ ᠵᠠᠮ ᠪᠠ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠪᠣᠭᠤᠮᠲᠠ ᠶᠢᠨ ᠲᠥᠪᠯᠡᠷᠡᠭᠦᠯᠬᠦ | ᠲᠠᠷᠬᠠᠭᠠᠬᠤ ᠲᠡᠭᠡᠭᠡᠪᠦᠷᠢᠯᠡᠬᠦ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠵᠣᠯᠭᠠᠭᠤᠯᠵᠤ᠂ ᠪᠣᠭᠤᠮᠲᠠ ᠶᠢᠨ | ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠳᠣᠲᠣᠭᠠᠳᠤ ᠭᠠᠳᠠᠭᠠᠳᠤ | ᠬᠤᠯᠪᠣᠭᠠᠯᠠᠨ ᠨᠡᠪᠲᠡᠷᠡᠯᠴᠡᠭᠰᠡᠨ ᠨᠡᠭᠡᠭᠡᠯᠲᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ | ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠵᠡᠭᠦᠨ ᠳᠤᠮᠳᠠ | ᠪᠠᠷᠠᠭᠤᠨ ᠬᠡᠰᠡᠭ ᠤᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠲᠣᠣᠷ ᠪᠠ | ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠠᠵᠢᠯ ᠬᠤᠪᠢᠶᠠᠷᠢᠯᠠᠬᠤ ᠰᠢᠰᠲ᠋ᠧᠮ ᠢ ᠪᠠᠶᠢᠭᠤᠯᠵᠤ᠂ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ᠂ ᠤᠯᠤᠰ ᠤᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ | ᠡᠷᠭᠢᠯᠳᠡ ᠳᠤ ᠪᠦᠬᠦ ᠲᠠᠯ᠎ᠠ ᠪᠠᠷ ᠠᠭᠤᠰᠤᠯᠴᠠᠭᠤᠯᠤᠨ᠎ᠠ᠃ | ᠠᠷᠪᠠ ᠶᠢᠰᠦᠳᠦᠭᠡᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠠ ᠨᠢᠭᠡᠴᠡ ᠨᠦᠭᠦᠳ ᠰᠠᠭᠠᠳ ᠥᠬᠡᠶ ᠨᠡᠪᠲᠡᠷᠡᠬᠦ᠂ | ᠥᠨᠳᠥᠷ ᠦᠷ᠎ᠡ ᠪᠦᠲᠦᠮᠵᠢᠲᠡᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠶᠡᠭᠡ ᠵᠠᠮ ᠪᠠ ᠪᠠᠷᠠᠭᠠᠨ ᠤ ᠭᠦᠢᠯᠭᠡᠭᠡᠨ ᠤ ᠶᠡᠭᠡ | ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠪᠲᠡᠷᠡᠬᠦ ᠵᠠᠮ ᠳᠠᠭᠠᠤ ᠶᠢᠨ ᠠᠵᠤ ᠦᠶ᠋ᠯᠡᠰ ᠤᠨ | ᠪᠠᠶᠢᠷᠢᠰᠢᠭᠤᠯᠤᠯᠲᠠ ᠬᠢᠭᠡᠳ ᠠᠵᠢᠯ ᠬᠤᠪᠢᠶᠠᠷᠢᠯᠠᠨ ᠬᠠᠮᠲᠤᠷᠠᠯᠴᠠᠬᠤ ᠰᠢᠰᠲ᠋ᠧᠮᠵᠢ ᠶᠢ ᠰᠢᠯᠢᠳᠡᠭᠵᠢᠭᠦᠯᠦᠨ᠂ | ᠪᠠᠷᠠᠭᠠᠨ ᠤ ᠭᠦᠢᠯᠭᠡᠭᠡᠨ ᠤ ᠠᠵᠤ ᠠᠬᠤᠶ ᠶᠢ ᠬᠥᠭᠵᠢᠭᠦᠯᠬᠦ ᠬᠡᠷᠡᠭᠲᠡᠶ᠃ | ᠬᠤᠷᠢᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠤ | ᠤᠶᠢᠯᠡᠳᠪᠤᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠣᠭᠤᠮᠲᠠ᠂ ᠰᠢᠤᠳᠠᠨ᠂ ᠲᠡᠮᠦᠷ ᠵᠠᠮ | ᠵᠡᠷᠭᠡ ᠰᠠᠯᠠᠭ᠎ᠠ ᠮᠥᠴᠢᠷ ᠪᠠ ᠨᠢᠭᠡᠴᠡ ᠨᠦᠭᠦᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ | ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠪᠠᠶᠢᠷᠢᠰᠢᠭᠤᠯᠤᠯᠲᠠ ᠳᠤ ᠲᠦᠰᠢᠭᠯᠡᠨ ᠣᠯᠠᠨ | ᠤᠯᠤᠰ ᠤᠨ ᠬᠦᠷᠭᠡᠬᠦ ᠬᠦᠢᠰᠦ᠂ ᠰᠢᠤᠳᠠᠨ ᠤ ᠲᠦᠷᠭᠡᠨ ᠬᠦᠷᠭᠡᠯᠲᠡ ᠶᠢᠨ ᠲᠥᠪᠯᠡᠷᠡᠭᠦᠯᠵᠦ ᠲᠠᠷᠬᠠᠭᠠᠬᠤ | ᠬᠤᠪᠢᠶᠠᠷᠢᠯᠠᠨ ᠰᠠᠯᠭᠠᠬᠤ ᠲᠥᠪ ᠢ ᠪᠥᠲᠥᠭᠡᠨ ᠪᠠᠶᠢᠭᠤᠯᠵᠤ᠂ ᠰᠢᠤᠳᠠᠨ ᠤ ᠵᠤᠶᠢᠯ ᠤᠨ ᠲᠦᠷᠭᠡᠨ ᠬᠦᠷᠭᠡᠯᠲᠡ ᠶᠢᠨ | ᠬᠢᠯᠢ ᠪᠠᠷ ᠣᠷᠣᠭᠤᠯᠵᠤ ᠭᠠᠷᠭᠠᠬᠤ ᠶᠢ ᠨᠢᠭᠡ ᠴᠣᠠᠠᠴᠠᠵᠢᠭᠤᠯᠥᠠᠠᠰᠠᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠢᠯᠢ | ᠠᠯᠤᠰᠯᠠᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠨᠢᠭᠡᠳᠦᠭᠡᠷ ᠵᠤᠶᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠴᠢᠮᠡᠭᠡ ᠬᠤᠯᠪᠣᠭ᠎ᠠ᠂ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ | ᠰᠠᠯᠠᠭ᠎ᠠ ᠮᠥᠴᠢᠷ ᠪᠠ ᠨᠢᠭᠡᠴᠡ ᠨᠦᠭᠦᠳ ᠲᠦᠷᠭᠡᠨ ᠪᠥᠭᠡᠳ ᠳᠥᠭᠦᠮ ᠳᠥᠲᠡ ᠮᠡᠳᠡᠭᠡ ᠵᠠᠩᠭᠢ ᠶᠢᠨ ᠴᠢᠮᠡᠭᠡ | ᠬᠤᠯᠪᠣᠭ᠎ᠠ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠤᠨ ᠡᠬᠡ ᠬᠠᠭᠤᠷᠠᠶ | ᠲᠡᠯᠡᠶ ᠲᠩᠷᠢ ᠶᠢᠨ ᠲᠣᠤᠷ ᠤᠨ ᠳᠥᠷᠪᠡ ᠶᠢ ᠨᠢᠭᠡ ᠴᠤᠭᠴᠠᠵᠢᠭᠤᠯᠤᠨ ᠬᠤᠯᠪᠣᠭᠠᠯᠠᠨ ᠨᠡᠪᠲᠡᠷᠡᠯᠴᠡᠬᠦ ᠪᠠ ᠮᠡᠳᠡᠭᠡ | ᠵᠠᠩᠭᠢ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠣᠯᠠᠨ ᠤᠯᠤᠰ ᠤᠨ ᠢᠨᠲ᠋ᠧᠷ | ᠰᠦᠯᠵᠢᠶ᠎ᠡ ᠶᠢᠨ ᠳᠠᠮᠵᠢᠭᠤᠯᠤᠨ ᠵᠠᠯᠭᠠᠬᠤ ᠴᠢᠬ᠂ ᠣᠯᠠᠨ ᠤᠯᠤᠰ ᠤᠨ ᠳ᠋ᠠᠶᠢᠲ᠋ᠠ ᠶᠢᠨ ᠲᠤᠰᠬᠠᠶ ᠱᠤᠭᠤᠮ ᠵᠡᠷᠭᠡ ᠶᠢᠨ | ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ᠃ | ᠭᠤᠷᠪᠠᠳᠤᠭᠠᠷ ᠪᠦᠯᠦᠭ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠬᠥᠭᠵᠢᠭᠦᠯᠦᠨ᠎ᠡ | ᠬᠤᠷᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠷᠭᠡᠨ | ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠢᠯᠢ ᠶᠢᠨ ᠪᠣᠭᠤᠮᠲᠠ᠂ | ᠨᠡᠪᠲᠡᠷᠡᠬᠦ ᠵᠠᠮ ᠪᠠ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠴᠢᠶᠠᠯᠠᠪᠤᠷᠢ ᠶᠢ ᠨᠢᠭᠡᠳᠦᠯᠲᠡᠶ | ᠲᠥᠯᠥᠪᠯᠡᠨ᠂ ᠪᠣᠭᠤᠮᠲᠠ ᠪᠠᠷ ᠳᠠᠶᠢᠴᠢᠯᠠᠬᠤ᠂ ᠲᠤᠳᠤᠷ᠎ᠠ ᠭᠠᠵᠠᠷ ᠢᠶᠠᠷ ᠲᠤᠯᠭᠠᠭᠤᠷᠢᠯᠠᠬᠤ᠂ ᠬᠢᠯᠢ ᠲᠤᠳᠤᠷ᠎ᠠ ᠭᠠᠵᠠᠷ | ᠬᠤᠷᠰᠢᠯᠴᠠᠬᠤ ᠪᠠᠶᠢᠷᠢᠰᠢᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ | ᠬᠡᠰᠡᠭ ᠤᠨ ᠭᠠᠵᠠᠷ ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠦᠷᠢᠶᠡᠴᠢᠯᠡᠭᠰᠡᠨ ᠴᠢᠨᠠᠷ ᠰᠠᠶᠢᠲᠠᠶ | ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠯᠢ ᠶᠢᠨ | ᠪᠣᠭᠤᠮᠲᠠ ᠬᠢᠭᠡᠳ ᠳᠣᠲᠣᠷ ᠭᠠᠵᠠᠷ ᠤᠨ ᠪᠣᠭᠤᠮᠲᠠ ᠪᠠᠷ ᠥᠩᠭᠡᠷᠡᠬᠦ ᠬᠠᠮᠵᠢᠯᠴᠠᠭ᠎ᠠ᠂ ᠪᠠᠷᠠᠭᠠᠨ ᠤ ᠭᠦᠢᠯᠭᠡᠭᠡᠨ ᠤ | ᠬᠠᠮᠵᠢᠯᠴᠠᠭ᠎ᠠ ᠪᠠ ᠠᠵᠤ ᠦᠢᠯᠡᠰ ᠤᠨ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠲᠥᠪᠯᠡᠷᠡᠯ ᠤᠨ ᠦᠢᠯᠡᠳᠦᠯ ᠢ ᠪᠣᠶ | ᠪᠣᠯᠭᠠᠨ᠂ ᠳᠣᠲᠣᠷ ᠭᠠᠵᠠᠷ ᠲᠤ ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ᠂ ᠴᠢᠬᠤᠯᠠ | ᠵᠠᠩᠭᠢᠯᠠᠭ᠎ᠠ ᠶᠢᠨ ᠴᠢᠭ ᠪᠣᠯᠬᠤ ᠬᠤᠲᠠ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ ᠲᠥᠪ᠂ ᠭᠠᠳᠠᠭᠠᠳᠤ ᠳᠤ | ᠭᠠᠷᠭᠠᠬᠤ ᠦᠢᠯᠡᠳᠬᠦᠨ ᠤ ᠰᠠᠭᠤᠷᠢᠨ ᠭᠠᠵᠠᠷ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠳᠣᠲᠣᠷ ᠭᠠᠵᠠᠷ ᠤᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠡᠨᠧᠷᠭᠢ᠂ ᠪᠣᠭᠤᠮᠲᠠ᠂ ᠬᠢᠯᠢ ᠪᠠᠷ ᠣᠷᠣᠭᠤᠯᠵᠤ ᠭᠠᠷᠭᠠᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠪᠠᠶᠢᠭᠤᠯᠤᠯᠭ᠎ᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠭᠠᠳᠠᠭᠠᠳᠤ ᠠᠴᠠ | ᠣᠷᠣᠭᠤᠯᠬᠤ ᠡᠬᠢ ᠪᠠᠶᠠᠯᠢᠭ ᠢ ᠪᠣᠭᠤᠮᠲᠠ ᠪᠠ ᠳᠣᠲᠣᠷ᠎ᠠ ᠭᠠᠵᠠᠷ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠲᠤ ᠪᠣᠳᠠᠲᠠᠶᠢᠵᠢᠭᠤᠯᠤᠨ ᠡᠳ᠋ᠰᠢᠭᠦᠯᠬᠦ ᠶᠢ ᠠᠬᠢᠭᠤᠯᠵᠤ᠂ ᠠᠵᠤ ᠠᠬᠤᠶ ᠶᠢᠨ ᠨᠡᠪᠲᠡᠷᠡᠬᠦ ᠵᠠᠮ ᠢ ᠨᠡᠪᠲᠡᠷᠡᠬᠦ | ᠠᠵᠤ ᠠᠬᠤᠶ ᠲᠡᠰᠢ ᠬᠤᠪᠢᠷᠠᠭᠤᠯᠬᠤ᠂ ᠵᠠᠮ ᠥᠩᠭᠡᠷᠡᠬᠦ ᠠᠵᠤ ᠠᠬᠤᠶ ᠶᠢ ᠪᠣᠳᠠᠲᠠᠶᠢᠵᠢᠭᠤᠯᠬᠤ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ | ᠬᠤᠳᠠᠯᠳᠤᠭᠠᠨ ᠤ ᠶᠠᠪᠤᠳᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠪᠣᠭᠤᠮᠲᠠ ᠶᠢᠨ ᠬᠢᠨᠠᠨ | ᠬᠠᠮᠢᠶᠠᠷᠬᠤ ᠠᠵᠢᠯ ᠤᠨ ᠲᠠᠯᠠᠪᠤᠷ ᠪᠠ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠵᠢᠴᠢ ᠬᠢᠯᠢ ᠶᠢᠨ ᠭᠠᠳᠠᠨᠠᠬᠢ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ | ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ᠂ | ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ | ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠪᠣᠭᠤᠮᠲᠠ᠂ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠤᠯᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ | ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠪᠣᠯᠤᠨ | ᠬᠢᠯᠢ ᠶᠢᠨ ᠠᠵᠤ ᠠᠬᠤᠶ ᠶᠢᠨ ᠬᠤᠷᠰᠢᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ | ᠲᠦᠯᠬᠢᠨ ᠠᠬᠢᠭᠤᠯᠵᠤ᠂ ᠠᠵᠤ ᠠᠬᠤᠶᠢᠯᠠᠯ ᠤᠳ ᠤᠨ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ | ᠬᠤᠷᠰᠢᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ ᠪᠠ | ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ᠂ ᠪᠣᠭᠤᠮᠲᠠ᠂ ᠭᠠᠶᠢᠯᠢ ᠶᠢᠨ ᠶᠠᠪᠤᠳᠠᠯ ᠵᠡᠷᠭᠡ | ᠰᠠᠯᠠᠭ᠎ᠠ ᠮᠥᠴᠢᠷ ᠪᠠ ᠨᠢᠭᠡᠴᠢ ᠨᠦᠭᠦᠳ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ ᠢ ᠲᠦᠷᠭᠡᠳᠬᠡᠨ ᠪᠠᠶᠢᠭᠤᠯᠤᠨ᠎ᠠ︔ ᠳᠤᠮᠳᠠᠳᠤ ᠤᠯᠤᠰ ︵ᠥᠪᠥᠷ ᠮᠣᠩᠭᠤᠯ | ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠶ ᠪᠠᠷ ᠭᠤᠶᠤᠴᠢᠯᠠᠨ ᠪᠠᠶᠢᠭᠤᠯᠬᠤ ᠬᠡᠷᠡᠭᠲᠡᠶ | ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠥᠭᠵᠢᠭᠦᠯᠦᠯᠲᠡ ᠪᠠ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠪᠣᠭᠤᠮᠲᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠤᠯᠤᠰ ᠤᠨ | ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ | ᠪᠠ ᠤᠯᠤᠰ ᠤᠨ ᠡᠳᠰᠢᠭᠦᠯᠭᠡ ᠶᠢᠨ ᠠᠷᠠᠯᠵᠢᠶ᠎ᠠ ᠶᠢᠨ ᠱᠠᠲᠤᠴᠠ ᠪᠠᠷ ᠰᠢᠯᠵᠢᠬᠦ ᠶᠢ ᠠᠬᠢᠭᠤᠯᠬᠤ ᠭᠤᠤᠯᠳᠠᠯᠭ᠎ᠠ ᠲᠠᠢ | ᠵᠣᠯᠭᠠᠭᠤᠯᠬᠤ ᠭᠠᠵᠠᠷ ᠢ ᠰᠠᠶᠢᠲᠤᠷ ᠪᠠᠶᠢᠭᠤᠯᠵᠤ᠂ ᠵᠠᠩᠭᠢᠯᠠᠭ᠎ᠠ ᠶᠢᠨ ᠠᠵᠤ ᠠᠬᠤᠶ ᠶᠢ ᠰᠦᠪᠡᠭᠴᠢᠯᠡᠨ ᠬᠥᠭᠵᠢᠭᠦᠯᠵᠦ᠂ | ᠣᠳᠣ ᠦ᠊ ᠡᠶ᠎ᠡ ᠶᠢᠨ ᠪᠠᠷᠠᠭᠠᠨ ᠤ ᠭᠦᠢᠯᠭᠡᠭᠡᠨ᠂ ᠣᠯᠠᠨ ᠤᠯᠤᠰ ᠤᠨ ᠠᠷᠠᠯᠵᠢᠶ᠎ᠠ ᠪᠠ ᠭᠠᠶᠢᠯᠢ ᠪᠠᠲᠤᠯᠠᠨ | ᠡᠳᠰᠢᠭᠦᠯᠬᠦ ᠶᠢ ᠲᠦᠷᠭᠡᠳᠬᠡᠨ ᠬᠥᠭᠵᠢᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠢ | ᠳᠡᠮᠵᠢᠵᠦ ᠪᠠᠶᠢᠭᠠᠳ ᠵᠣᠬᠢᠬᠤ ᠲᠥᠷᠥᠯ ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠤᠨ᠎ᠠ︔ ᠣᠲᠣ ᠶᠢᠨ ᠪᠠᠶᠢᠭ᠎ᠠ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠪᠠ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠠᠵᠢᠯᠯᠠᠭᠠᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠡᠭᠡᠭᠡᠪᠦᠷᠢ ᠶᠢᠨ ᠲᠤᠰᠬᠠᠶ ᠱᠤᠭᠤᠮ ᠤᠨ | ᠪᠥᠲᠥᠭᠡᠨ ᠪᠠᠶᠢᠭᠤᠯᠤᠯᠲᠠ ᠪᠠ ᠬᠠᠮᠢᠶ᠎ᠠ ᠪᠥᠬᠦᠶ ᠨᠠᠶᠢᠳᠠᠪᠤᠷᠢᠵᠢᠭᠤᠯᠤᠨ ᠡᠳ᠋ᠰᠢᠭᠦᠯᠬᠦ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠨ᠎ᠡ᠃ | ᠬᠤᠷᠢ ᠶᠢᠰᠦᠳᠣᠭᠡᠷ ᠵᠦᠢᠯ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ᠂ | ᠪᠤᠭᠤᠮᠳᠡ ᠶᠢᠨ ᠰᠠᠭᠤᠭ᠎ᠠ ᠭᠠᠵᠡᠷ ᠤᠨ ᠠᠶᠢᠮᠠᠭ ᠤᠨ ᠵᠠᠬᠢᠷᠭ᠎ᠠ ᠪᠠ ᠲᠤᠭᠤᠷᠢᠭ ᠲᠠᠢ ᠬᠤᠳᠡ ᠶᠢᠨ ᠠᠷᠡᠳ ᠤᠨ | ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠪᠤᠭᠤᠮᠳᠡ ᠶᠢᠨ ᠬᠢᠯᠢ ᠶᠢᠨ ᠠᠷᠡᠳ ᠤᠨ | ᠬᠠᠷᠢᠯᠴᠠᠨ ᠮᠠᠢᠮᠠᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ᠲᠤ ᠰᠢᠨ᠎ᠡ ᠶᠢ ᠡᠬᠦᠳᠣᠨ ᠬᠦᠭᠵᠢᠬᠦᠯᠵᠦ᠂ | ᠬᠢᠯᠢ ᠶᠢᠨ ᠠᠷᠡᠳ ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠬᠦᠷ ᠤᠨ ᠭᠠᠳᠠᠭᠠᠳᠣ ᠠᠴᠠ ᠣᠷᠣᠭᠤᠯᠥᠬᠠᠰᠠᠨ | ᠳᠡᠸᠡᠷ ᠤᠨ ᠬᠦᠷᠢᠶ᠎ᠡ ᠭᠡᠪᠴᠢᠶ᠎ᠠ ᠶᠢ ᠦᠷᠭᠡᠳᠭᠡᠨ᠂ ᠬᠢᠯᠢ ᠶᠢᠨ ᠠᠷᠡᠳ ᠤᠨ ᠬᠠᠷᠢᠯᠴᠠᠨ ᠮᠠᠢᠮᠠᠢᠯᠠᠬᠤ ᠵᠠᠬ᠎ᠠ | ᠳᠡᠯᠭᠡᠬᠦᠷ ᠲᠤ ᠣᠷᠣᠭᠤᠯᠥᠬᠠᠰᠠᠨ ᠳᠡᠸᠡᠷ ᠢ ᠪᠤᠳᠠᠳᠠᠶᠢᠵᠢᠭᠤᠯᠤᠨ ᠡᠳ᠋ᠰᠢᠬᠦᠯᠬᠦ ᠶᠢ ᠠᠬᠢᠭᠤᠯᠵᠦ᠂ ᠬᠠᠷᠢᠯᠴᠠᠨ | ᠮᠠᠢᠮᠠᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠶᠢ ᠬᠦᠳᠦᠯᠥᠨ ᠵᠢᠯᠥᠭᠤᠳᠴᠥ ᠪᠠᠢᠭᠠᠳ ᠡᠳ᠋ᠰᠢᠬᠦᠯᠬᠦ᠂ ᠪᠡᠯᠡ | ᠣᠷᠣᠭᠤᠯᠬᠤ᠂ ᠠᠷᠡᠯᠵᠢᠶᠡᠯᠠᠬᠤ ᠶᠢ ᠨᠢᠭᠡ ᠴᠣᠠᠠᠴᠠᠵᠢᠭᠤᠯᠬᠤ | ᠭᠤᠴᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ | ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠳᠤᠮᠳᠠᠳᠤ ᠮᠣᠩᠭᠤᠯ ᠤᠨ ᠦᠵᠡᠰᠬᠦᠯᠡᠩ ᠤᠨ | ᠴᠤᠭᠯᠠᠭᠠᠨ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠵᠡᠰᠬᠦᠯᠡᠩ ᠤᠨ ᠴᠤᠭᠯᠠᠭᠠᠨ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ | ᠵᠥᠪᠳᠡᠯᠴᠡᠬᠡᠷ ᠤᠨ ᠬᠤᠷᠠᠯ ᠵᠡᠷᠭᠡ ᠦᠵᠡᠰᠬᠦᠯᠡᠩ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠡᠯ᠎ᠡ ᠲᠥᠷᠥᠯ ᠤᠨ | ᠨᠡᠭᠡᠭᠡᠯᠲᠡ ᠶᠢᠨ ᠲᠠᠪᠴᠠᠩ ᠤᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠵᠠᠬᠢᠷᠭ᠎ᠠ ᠪᠣᠯᠤᠨ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠡᠭᠦᠨ ᠳᠤᠮᠳᠠ ᠪᠠᠷᠠᠭᠤᠨ | ᠬᠡᠰᠡᠭ ᠤᠨ ᠭᠤᠤᠯᠳᠠᠯᠭ᠎ᠠ ᠲᠠᠢ ᠬᠤᠲᠠ ᠬᠢᠭᠡᠳ ᠪᠣᠭᠤᠮᠲᠠ ᠶᠢᠨ ᠬᠤᠲᠠ ᠶᠢᠨ ᠬᠠᠮᠲᠤᠷᠠᠨ ᠬᠥᠳᠡᠯᠦᠯᠴᠡᠵᠦ | ᠬᠥᠭᠵᠢᠬᠦ ᠶᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠬᠠᠮᠲᠤᠷᠠᠭᠰᠠᠨ ᠲᠡᠭᠡᠭᠡᠪᠦᠷᠢ ᠶᠢᠨ ᠭᠤᠤᠯ ᠨᠡᠪᠲᠡᠷᠡᠬᠦ | ᠵᠠᠮ ᠪᠣᠯᠤᠨ ᠵᠠᠩᠭᠢᠯᠠᠭ᠎ᠠ ᠶᠢᠨ ᠴᠢᠭ ᠤᠨ ᠬᠤᠲᠠ᠂ ᠡᠳ᠋ ᠪᠠᠷᠠᠭ᠎ᠠ ᠶᠢ ᠲᠥᠪᠯᠡᠷᠡᠭᠦᠯᠵᠦ ᠶᠠᠪᠤᠭᠤᠯᠬᠤ ᠲᠡᠭᠡᠭᠡᠪᠦᠷᠢᠯᠡᠬᠦ | ᠲᠥᠪ᠂ ᠡᠬᠢ ᠪᠠᠶᠠᠯᠢᠭ ᠢ ᠬᠤᠪᠢᠷᠠᠭᠤᠯᠬᠤ ᠣᠷᠣᠨ ᠵᠡᠷᠭᠡ ᠳᠤ ᠲᠦᠰᠢᠭᠯᠡᠨ᠂ ᠲᠤᠰ ᠲᠤᠰ ᠤᠨ ᠣᠨᠴᠠᠯᠢᠭ ᠲᠠᠢ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠬᠡᠷᠡᠭᠲᠡᠶ᠃ | ᠳᠥᠷᠪᠡᠳᠦᠭᠡᠷ ᠪᠦᠯᠦᠭ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠎ᠠ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯᠧᠮᠧᠨ᠋ᠲ ᠤᠨ | ᠲᠤᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠵᠤ᠂ | ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ | ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠶᠠᠷ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠵᠤ᠂ ᠤᠯᠤᠰ ᠤᠨ ᠤᠮᠠᠷᠠᠰᠢ ᠨᠡᠬᠡᠬᠡᠯᠳᠡ | ᠬᠢᠬᠦ ᠶᠢ ᠨᠡᠩ ᠰᠠᠶᠢᠲᠤᠷ ᠠᠬᠢᠭᠤᠯᠤᠨ᠎ᠠ᠃ | ᠭᠤᠴᠢᠨ ᠭᠤᠷᠪᠠᠳᠤᠭᠠᠷ ᠵᠤᠶᠢᠯ ᠥᠪᠡᠷᠲᠡᠭᠡᠨ ᠵᠠᠰᠠᠬᠤ ᠣᠷᠣᠨ ᠠᠴᠠ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭ᠎ᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠳᠠᠪᠠᠭᠤᠯᠢᠭ ᠠᠵᠤ | ᠦᠶ᠋ᠯᠡᠰ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ᠂ ᠴᠢᠬᠤᠯᠠ ᠶᠡᠭᠡ ᠲᠥᠷᠥᠯ ᠵᠤᠶᠢᠯ᠂ ᠰᠢᠨᠵᠢᠯᠡᠬᠦ ᠤᠬᠠᠭᠠᠨ | ᠮᠡᠷᠭᠡᠵᠢᠯ ᠪᠠ ᠴᠢᠳᠠᠪᠤᠷᠢᠲᠠᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠤᠶᠢᠯᠡᠰ ᠤᠨ | ᠬᠡᠯᠬᠢᠶ᠎ᠡ ᠶᠢ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠯᠦᠭᠡ ᠪᠥᠬᠦ ᠲᠠᠯ᠎ᠠ ᠪᠠᠷ ᠵᠣᠯᠭᠠᠭᠤᠯᠬᠤ᠂ | ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ | ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠢ ᠮᠤᠵᠢ ᠵᠢᠴᠢ ᠭᠠᠵᠠᠷ | ᠣᠷᠣᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠤᠨ ᠬᠠᠷᠢᠴᠠᠭᠤᠯᠤᠭᠰᠠᠨ ᠳᠠᠪᠠᠭᠤᠯᠢᠭ ᠲᠠᠢ | ᠤᠶᠠᠯᠳᠤᠭᠤᠯᠤᠨ᠂ ᠣᠷᠣᠨ ᠪᠦᠰᠡ ᠠᠯᠤᠰᠯᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠪᠠᠷ | ᠪᠠᠶᠢᠭᠤᠯᠬᠤ ᠶᠢ ᠲᠡᠮᠵᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠲᠤᠨᠤᠭ ᠲᠥᠬᠦᠭᠡᠷᠦᠮᠵᠢ | ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠬᠠᠮᠲᠤᠪᠠᠷ ᠪᠥᠲᠥᠭᠡᠨ ᠪᠠᠶᠢᠭᠤᠯᠬᠤ | ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠡᠭᠡᠵᠢᠩ ᠲᠢᠶᠠᠨᠵᠢᠨ ᠡᡁᠧᠪᠸᠢ ᠶᠢᠨ | ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠲᠢᠶᠠᠨᠵᠢᠨ ᠡᡁᠧᠪᠸᠢ ᠶᠢᠨ ᠭᠠᠵᠠᠷ | ᠣᠷᠣᠨ ᠯᠤᠭ᠎ᠠ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ ᠶᠢᠨ | ᠬᠠᠮᠵᠢᠯᠴᠠᠨ ᠬᠥᠭᠵᠢᠬᠦ ᠥᠨᠳᠥᠷ ᠲᠦᠪᠰᠢᠨ ᠲᠠᠢ ᠨᠡᠭᠡᠭᠡᠯᠲᠡᠲᠦ ᠲᠠᠪᠴᠠᠩ ᠢ ᠪᠠᠶᠢᠭᠤᠯᠬᠤ ᠬᠡᠷᠡᠭᠲᠡᠢ︔ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ | ᠰᠤᠷᠭᠠᠨ ᠬᠥᠮᠦᠵᠢᠯ᠂ ᠡᠮ ᠡᠮᠨᠡᠯᠭᠡ᠂ ᠠᠮᠢ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠬᠦᠷᠢᠶᠡᠨ ᠳᠠᠬᠢ ᠭᠦᠨᠵᠡᠭᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠠᠴᠠ ᠥᠪᠥᠷ ᠮᠣᠩᠭᠤᠯ ᠢ ᠤᠯᠠᠨ | ᠲᠠᠯ᠎ᠠ ᠪᠠᠷ ᠳᠠᠶᠢᠴᠢᠯᠠᠬᠤ ᠰᠢᠨ᠎ᠡ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ︔ ᠲᠢᠶᠠᠨᠵᠢᠨ᠂ ᠾᠤᠪᠸᠢ ᠵᠡᠷᠭᠡ ᠮᠤᠵᠢ | ᠬᠤᠳᠠ ᠶᠢᠨ ᠭᠠᠷᠠᠮ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠣᠲᠣᠭᠠᠳᠤ ᠬᠠᠭᠤᠷᠠᠶ ᠶᠢᠨ ᠭᠠᠷᠠᠮ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠡ ᠬᠠᠭᠤᠷᠠᠶ ᠶᠢᠨ ᠭᠠᠷᠠᠮ ᠤᠨ ᠪᠥᠭᠡᠮᠨᠡᠷᠡᠯ ᠢ ᠬᠠᠮᠲᠤ ᠪᠠᠷ ᠪᠦᠳᠦᠭᠡᠨ᠂ | ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠵᠦ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠦᠢᠯᠡᠴᠢᠯᠡᠨ᠎ᠡ᠃ | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠵᠡᠭᠦᠨ ᠬᠡᠰᠡᠭ ᠤᠨ ᠳᠠᠯᠠᠶ ᠳᠠᠭᠠᠤ | ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ | ᠱᠠᠩᠬᠠᠢ ᠥᠪᠥᠷ ᠮᠣᠩᠭᠤᠯ᠂ ᠵᠦᠪᠯᠡᠯᠳᠤ ᠥᠪᠥᠷ ᠮᠣᠩᠭᠤᠯ᠂ ᠭᠤᠸᠠᠩᠳᠦ᠋ᠩ ᠥᠪᠥᠷ ᠮᠣᠩᠭᠤᠯ ᠵᠡᠷᠭᠡ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠲᠠᠪᠴᠠᠩ ᠢ ᠠᠰᠢᠭᠯᠠᠨ᠂ ᠪᠦᠬᠦ ᠲᠠᠯ᠎ᠠ ᠪᠠᠷ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠵᠤ᠂ ᠬᠦᠷᠦᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠳᠡᠭᠡᠳᠦ ᠲᠡᠰ ᠤᠨ ᠡᠯᠧᠮᠧᠨ᠋ᠲ ᠢ ᠲᠠᠳᠠᠨ | ᠴᠤᠭᠯᠠᠭᠤᠯᠵᠤ ᠪᠠᠶᠢᠭᠠᠳ ᠬᠠᠮᠲᠤᠷᠠᠯᠴᠠᠭ᠎ᠠ ᠪᠠᠷ ᠨᠡᠭᠡᠭᠡᠯᠳᠡ ᠶᠢ ᠠᠬᠢᠭᠤᠯᠵᠤ᠂ ᠲᠡᠷᠢᠭᠦᠨ ᠤ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠴᠤ᠂ ᠨᠢᠰᠦᠮᠡᠯ ᠭᠠᠵᠠᠷ ᠤᠨ ᠠᠵᠤ ᠠᠬᠤᠢ ᠵᠡᠷᠭᠡ ᠠᠰᠢᠭ | ᠲᠤᠰᠠ ᠶᠢ ᠬᠠᠮᠲᠤᠪᠠᠷ ᠡᠳ᠋ᠯᠡᠬᠦ ᠵᠠᠭᠪᠤᠷ ᠢ ᠬᠠᠶᠢᠨ ᠰᠦᠪᠡᠭᠴᠢᠯᠡᠨ᠎ᠡ᠃ | ᠭᠤᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠳᠤ ᠭᠦᠨᠵᠡᠭᠡᠢ ᠠᠭᠤᠰᠤᠯᠴᠠᠵᠤ᠂ ᠵᠡᠭᠦᠨ ᠬᠤᠶᠢᠲᠤ ᠣᠷᠣᠨ ᠤ ᠭᠤᠷᠪᠠᠨ ᠮᠤᠵᠢ ᠯᠤᠭ᠎ᠠ ᠶᠢᠨ ᠣᠷᠣᠨ | ᠪᠦᠰᠡ ᠶᠢᠨ ᠬᠠᠮᠲᠤᠷᠠᠯᠴᠠᠭ᠎ᠠ ᠪᠣᠯᠤᠨ ᠬᠠᠮᠵᠢᠯᠴᠠᠨ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ | ᠪᠣᠯᠤᠨ ᠬᠤᠳᠠ ᠶᠢᠨ ᠠᠭᠤᠰᠤᠯᠴᠠᠯ ᠢ ᠠᠬᠢᠭᠤᠯᠵᠤ᠂ ᠲᠤᠰ ᠲᠤᠰ ᠤᠨ ᠭᠠᠳᠠᠭᠠᠳᠤ ᠨᠡᠬᠡᠬᠡᠯᠳᠡ ᠶᠢᠨ | ᠳᠠᠪᠠᠭᠤᠯᠢᠭ ᠢᠶᠠᠨ ᠬᠤᠯᠪᠣᠨ ᠨᠡᠶᠢᠳᠬᠡᠵᠦ᠂ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ ᠨᠥᠬᠦᠪᠥᠷᠢᠯᠡᠵᠦ᠂ ᠵᠢᠨᠠᠨ ᠤ | ᠯᠢᠶᠣᠤᠨᠢᠩ ᠤᠨ ᠬᠤᠶᠢᠲᠤ ᠬᠡᠰᠡᠭ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠯᠪᠣᠭᠠᠯᠠᠨ ᠬᠥᠭᠵᠢᠬᠦ ᠶᠢ | ᠠᠬᠢᠭᠤᠯᠤᠨ᠎ᠠ᠃ | ᠭᠤᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢᠨ | ᠦᠢᠯᠡᠳᠦᠯ ᠢ ᠪᠠᠳᠠᠷᠠᠭᠤᠯᠵᠤ᠂ ᠬᠠᠳᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ᠂ ᠬᠥᠮᠦᠰ ᠤᠨ | ᠬᠠᠷᠢᠯᠴᠠᠨ ᠬᠥᠳᠡᠯᠦᠯᠴᠡᠬᠦ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ᠂ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠭᠠᠳᠠᠭᠠᠳᠤ | ᠨᠡᠬᠡᠬᠡᠯᠳᠡ ᠶᠢ ᠥᠷᠭᠡᠳᠬᠡᠬᠦ ᠵᠡᠷᠭᠡ ᠬᠦᠷᠢᠶᠡᠨ ᠳᠠᠬᠢ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠭᠤᠴᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠢ ᠬᠤᠳᠠ ᠶᠢᠨ | ᠪᠥᠭᠡᠮᠨᠡᠷᠡᠯ ᠯᠦᠭᠡ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠨᠢᠭᠡ ᠴᠤᠭᠴᠠᠵᠢᠭᠤᠯᠤᠨ | ᠵᠣᠬᠢᠴᠠᠩᠭᠤᠶ ᠪᠠᠷ ᠬᠥᠭᠵᠢᠭᠦᠯᠬᠦ ᠲᠣᠭᠲᠠᠴᠠ ᠪᠣᠯᠤᠨ ᠥᠪᠡᠷ ᠤᠨ ᠥᠷᠳᠡᠭ ᠢ ᠬᠠᠮᠲᠤᠪᠠᠷ ᠡᠭᠦᠷᠭᠡᠯᠡᠬᠦ᠂ ᠠᠰᠢᠭ | ᠲᠤᠰᠠ ᠶᠢ ᠬᠠᠮᠲᠤᠪᠠᠷ ᠡᠳ᠋ᠯᠠᠬ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠰᠠᠭᠤᠷᠢ ᠪᠡᠯᠡᠳᠬᠡᠮᠵᠢ ᠶᠢ | ᠵᠣᠬᠢᠴᠠᠭᠤᠯᠤᠨ ᠪᠠᠶᠢᠷᠢᠰᠢᠭᠤᠯᠬᠤ᠂ ᠠᠵᠤ ᠦᠢᠯᠡᠰ ᠤᠨᠠᠵᠢᠯ ᠬᠤᠪᠢᠶᠠᠷᠢᠯᠠᠨ ᠬᠠᠮᠵᠢᠯᠴᠠᠬᠤ᠂ ᠤᠯᠠᠨ ᠨᠡᠶᠢᠲᠡ ᠶᠢᠨ | ᠦᠢᠯᠡᠴᠢᠯᠡᠭᠡᠨ ᠢ ᠬᠠᠮᠲᠤᠪᠠᠷ ᠡᠳ᠋ᠯᠡᠬᠦ᠂ ᠠᠮᠢ ᠠᠬᠤᠶ ᠶᠢ ᠬᠠᠮᠲᠤᠪᠠᠷ ᠪᠥᠳᠥᠭᠡᠨ ᠪᠠᠶᠢᠭᠤᠯᠵᠤ ᠣᠷᠴᠢᠨ ᠲᠣᠭᠤᠷᠢᠨ | ᠢ ᠬᠠᠮᠲᠤᠪᠠᠷ ᠵᠠᠰᠠᠬᠤ ᠪᠠ ᠬᠠᠮᠵᠢᠯᠴᠠᠨ ᠬᠠᠮᠲᠤᠷᠠᠨ ᠬᠥᠳᠡᠯᠦᠯᠴᠡᠵᠦ ᠨᠡᠭᠡᠭᠡᠯᠳᠡ ᠬᠢᠬᠦ ᠶᠢ ᠨᠢᠭᠡᠳᠦᠯᠲᠡᠶ ᠲᠥᠯᠥᠪᠯᠡᠨ | ᠲᠥᠯᠬᠢᠨ ᠠᠬᠢᠭᠤᠯᠤᠨ᠎ᠠ᠃ ︵ ᠦᠷᠬᠦᠯᠵᠢᠯᠡᠯ ᠨᠢ ᠲᠠᠷᠠᠭᠠᠴᠢ ᠶᠢᠨ ᠳ᠋ᠤᠭᠠᠷ ᠲᠤ ᠪᠤᠢ ︶ | ᠢᠷᠡᠯᠳᠡ᠄ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ |