ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠳᠣᠯᠣᠳᠤᠭᠠᠷ ᠤᠳᠠᠭ᠎ᠠ ᠶᠢᠨ ᠡᠮᠡᠭᠲᠡᠶᠢᠴᠦᠳ ᠬᠡᠦᠬᠡᠳ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠠᠳᠬᠤᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/18
   ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠲᠥᠯᠥᠭᠡ᠂ 10 ᠰᠠᠷ᠎ᠠ ᠶᠢᠨ 18 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠨᠠᠮ ᠤᠨ ᠰᠤᠷᠭᠠᠭᠤᠯᠢ ᠳᠤ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠳᠣᠯᠣᠳᠤᠭᠠᠷ ᠤᠳᠠᠭ᠎ᠠ ᠶᠢᠨ ᠡᠮᠡᠭᠲᠡᠶᠢᠴᠦᠳ ᠬᠡᠦᠬᠡᠳ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠠᠳᠬᠤᠬᠤ ᠤᠬᠠᠭᠤᠯᠤᠨ ᠲᠠᠶᠢᠯᠪᠤᠷᠢᠯᠠᠬᠤ ᠬᠤᠷᠠᠯ ᠡᠷᠬᠢᠯᠡᠪᠡ᠃    ᠤᠬᠠᠭᠤᠯᠤᠨ ᠲᠠᠶᠢᠯᠪᠤᠷᠢᠯᠠᠬᠤ ᠬᠤᠷᠠᠯ ᠠᠴᠠ ᠤᠯᠠᠭᠠᠨᠴᠠᠪ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢᠦ ᠼᠠᠢ ᠰᠢᠶᠠ ᠪᠠᠭᠰᠢ ᠶᠢ ᠤᠷᠢᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠶᠠᠨ ᠵᠠᠮ ᠳᠤ ᠤᠮᠠᠷᠠᠲᠤ ᠶᠢᠨ ᠡᠮᠡᠭᠲᠡᠶᠢᠴᠦᠳ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠦᠬᠦ ᠲᠠᠯ᠎ᠠ ᠶᠢᠨ ᠪᠥᠭᠡᠳ ᠨᠠᠷᠢᠨ ᠲᠣᠳᠣᠷᠬᠠᠢ ᠪᠠᠶᠢᠨ᠎ᠠ᠃    ᠤᠨᠤᠯ ᠤᠨ ᠦᠨᠳᠦᠷᠴᠡ ᠪᠠᠶᠢᠬᠤ ᠮᠥᠷᠲᠡᠭᠡᠨ ᠦᠢᠯᠡᠳᠦᠯᠭᠡ ᠶᠢᠨ ᠭᠦᠨᠴᠡ ᠲᠠᠢ ᠪᠠᠶᠢᠬᠤ ᠨᠢ ᠮᠠᠨ ᠤ ᠰᠢᠶᠠᠨ ᠤ ᠥᠷᠭᠡᠨ ᠤᠯᠠᠨ ᠡᠮᠡᠭᠲᠡᠶᠢᠴᠦᠳ ᠤᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠨᠣᠪᠴᠢᠲᠠᠢ ᠣᠶᠢᠯᠠᠭᠠᠬᠤ ᠪᠠ ᠪᠦᠬᠦ ᠲᠠᠯ᠎ᠠ ᠪᠠᠷ ᠡᠵᠡᠮᠰᠢᠬᠦ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠤᠤ ᠵᠢᠶᠦ᠋ᠨ ᠹᠠᠩ    ᠦᠨᠳᠦᠰᠦᠨ ᠱᠠᠲᠤᠨ ᠤ ᠡᠮᠡᠭᠲᠡᠶ ᠺᠠᠳ᠋ᠷ ᠪᠣᠯᠤᠭᠰᠠᠨ ᠤ ᠬᠤᠪᠢ ᠳᠤ᠂ ᠪᠢ ᠶᠡᠷᠦᠩᠬᠡᠶ ᠱᠦᠵᠢ ᠰᠢ ᠶᠢᠨ ᠫᠢᠩ ᠤᠨ ︿ᠦᠨᠡᠨ ᠰᠡᠳᠬᠢᠯ ᠦᠨᠡᠨ ᠰᠡᠳᠬᠢᠯᠭᠡ ᠶᠢ ᠡᠪᠦᠷᠯᠡᠨ᠂ ᠨᠠᠩ ᠶᠡᠭᠡ ᠴᠢᠷᠮᠠᠶᠢᠯᠭ᠎ᠠ ᠭᠠᠷᠭᠠᠨ᠎ᠠ﹀ ᠭᠡᠰᠡᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠠᠬᠢ ᠪᠣᠶ ᠪᠣᠯᠭᠠᠵᠤ᠂ ᠮᠠᠨ ᠤ ᠰᠢᠶᠠᠨ ᠤ ᠡᠮᠡᠭᠲᠡᠶᠢᠴᠦᠳ ᠤᠨ  ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠪᠡ᠃    ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠶᠢᠰᠦᠳᠦᠭᠡᠷ ᠬᠤᠭᠤᠴᠠᠭ᠎ᠠ ᠶᠢᠨ ᠭᠦᠢᠴᠡᠳᠬᠡᠬᠦ ᠺᠣᠮᠢᠰ ᠤᠨ ᠭᠦᠢᠴᠡᠳᠬᠡᠬᠦ ᠭᠡᠰᠢᠭᠦᠨ ᠶᠠᠩ ᠰᠢᠶᠤᠤ ᠹᠸᠢ    ᠰᠠᠶ᠋ᠢᠬᠠᠨ ᠯᠢᠦ ᠪᠠᠭᠰᠢ ᠶᠢᠨ ᠶᠠᠷᠢᠭᠰᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠣᠨᠣᠰᠤᠭᠰᠠᠨ ᠠᠴᠠ ᠪᠢ ᠥᠪᠥᠷ ᠮᠣᠩᠭᠤᠯ ᠤᠨ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠪᠣᠯᠤᠨ ᠪᠠᠶᠢᠷᠢ ᠲᠣᠭᠲᠠᠭᠠᠯᠲᠠ ᠶᠢ ᠨᠡᠩ ᠭᠦᠨᠵᠡᠭᠡᠢ ᠣᠶᠢᠯᠠᠭᠠᠪᠠ᠂ ᠪᠢ ᠨᠢᠭᠡᠨ ᠭᠦᠢᠴᠡᠳᠬᠡᠭᠴᠢ ᠭᠡᠰᠢᠭᠦᠨ ᠪᠠ ᠨᠢᠭᠡᠨ ᠠᠵᠢᠯᠳᠠᠨ ᠪᠣᠯᠤᠭᠰᠠᠨ ᠤ ᠬᠤᠪᠢ ᠳᠤ᠂ ᠠᠵᠢᠯ ᠠᠮᠢᠳᠤᠷᠠᠯ ᠢᠶᠠᠨ ᠰᠠᠶᠢᠲᠤᠷ ᠬᠠᠷᠠᠭᠠᠯᠵᠠᠬᠤ ᠶᠢᠨ ᠬᠠᠮᠲᠤ ᠪᠠᠰᠠ ᠯᠢᠶᠠᠩᠴᠧᠩ ᠰᠢᠶᠠᠨ ᠤ ᠬᠤᠶᠢᠰᠢᠳᠠ ᠶᠢᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠨᠡᠮᠡᠷᠢᠯᠡᠨ᠎ᠡ  ᠭᠡᠵᠠᠢ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2