ᠯᠢᠦ ᠶᠢᠨ ᠲᠤᠤ ᠢ ᠬᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/10/24
   10 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠭᠤᠣᠯ ᠰᠡᠳᠦᠪᠲᠦ ᠬᠥᠮᠦᠵᠢᠯ ᠤᠨ ᠳᠠᠭᠠᠭᠠᠴᠢᠯᠠᠯᠲᠠ ᠶᠢᠨ ᠴᠡᠭ ᠤᠨ ᠢ ᠬᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠨᠠᠮ ᠤᠨ ᠬᠢᠴᠢᠶᠡᠯ ᠵᠢᠭᠠᠪᠠ᠃ ᠡᠯ᠎ᠡ ᠰᠢᠶᠠᠩ ᠪᠠᠯᠭᠠᠰᠤᠨ ᠤ ᠨᠠᠮ ᠤᠨ  ᠬᠤᠷᠢᠶ᠎ᠠ ᠶᠢᠨ ᠱᠦᠵᠢ ᠵᠢᠴᠢ ᠬᠤᠩ ᠮᠤᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠣᠷᠣᠯᠴᠠᠵᠠᠢ᠃    ᠬᠤᠷᠠᠯ ᠠᠴᠠ ᠾᠦᠩ ᠮᠤᠤ ᠪᠠᠯᠭᠠᠰᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠯᠢᠦ ᠶᠢᠨ ᠲᠤᠤ ᠦᠨᠡᠯᠡᠯᠲᠡ ᠬᠢᠬᠦ ᠶᠢᠨ ᠬᠠᠮᠲᠤ᠂ ᠭᠦᠨᠵᠡᠭᠡᠢ ᠰᠤᠷᠤᠯᠴᠠᠬᠤ᠂ ᠨᠠᠷᠢᠨ ᠣᠶᠢᠯᠠᠭᠠᠬᠤ᠂ ᠯᠠᠪᠳᠠᠭᠤᠨ ᠪᠠᠲᠤᠲᠠᠢ ᠰᠤᠷᠤᠯᠴᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠵᠤ᠂ ᠰᠤᠷᠤᠯᠴᠠᠬᠤ ᠠᠷᠭ᠎ᠠ ᠬᠡᠯᠪᠡᠷᠢ ᠶᠢ ᠰᠢᠨ᠎ᠡ ᠪᠠᠷ ᠡᠭᠦᠳᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠪᠦᠲᠦᠮᠵᠢᠲᠡᠢ ᠠᠷᠭ᠎ᠠ ᠪᠠᠷᠢᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠳᠤ ᠲᠤᠯᠭᠠᠷᠠᠭᠰᠠᠨ ᠠᠰᠠᠭᠤᠳᠠᠯ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠨᠤᠯ ᠤᠨ ᠰᠤᠷᠤᠯᠴᠠᠯᠭ᠎ᠠ ᠶᠢ ᠦᠢᠯᠡᠳᠦᠯᠭᠡ ᠶᠢᠨ ᠬᠡᠷᠡᠭᠯᠡᠯᠲᠡ ᠲᠡᠰᠢ ᠬᠤᠪᠢᠷᠠᠭᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠤᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠴᠤᠭ ᠰᠦᠯᠳᠡ ᠪᠠᠷ ᠨᠠᠮ ᠪᠣᠯᠤᠨ ᠠᠷᠠᠳ ᠲᠦᠮᠡᠨ ᠤ ᠲᠥᠯᠥᠭᠡ ᠰᠠᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃    ᠳᠠᠷᠠᠭ᠎ᠠ ᠳᠤᠨᠢ᠂ ᠯᠢᠦ ᠶᠢᠨ ᠲᠤᠤ ︽︿ᠮᠢᠩᠭᠠᠨ ᠲᠦᠮᠡᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠶ᠎ᠡ︾ ᠭᠡᠬᠦ ᠰᠡᠳᠦᠪ ᠢᠶᠠᠷ ᠬᠤᠷᠠᠯ ᠳᠤ ᠣᠷᠣᠯᠴᠠᠭᠰᠠᠨ ᠬᠥᠮᠦᠰ ᠲᠠᠢ ᠬᠠᠮᠲᠤᠪᠠᠷ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠤᠯᠠᠨ ᠳᠤ ᠠᠮᠢᠳᠤᠯᠢᠭ ᠰᠠᠶᠢᠬᠠᠨ ᠨᠠᠮ ᠤᠨ ᠬᠢᠴᠢᠶᠡᠯ ᠢ ᠦᠵᠡᠭᠦᠯᠪᠡ᠃    ᠯᠢᠦ ᠶᠢᠨ ᠲᠤᠤ᠂ ᠡᠯ᠎ᠡ ᠰᠢᠶᠠᠩ ᠪᠠᠯᠭᠠᠰᠤ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠡᠵᠡᠮᠳᠡᠵᠦ᠂ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠳᠠᠲᠠᠢ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠢᠯᠡᠳᠬᠡᠪᠡ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2