ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/24
   10 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠯᠢᠶᠠᠩᠴᠧᠩ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠲᠥᠰᠦᠯ︾ ︽ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠪᠠ ︽ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠵᠡᠷᠭᠡ ᠲᠥᠰᠦᠯ ᠢ ᠬᠢᠨᠠᠨ ᠵᠥᠪᠯᠡᠵᠦ᠂  ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ ᠨᠢᠭᠡᠴᠡ ᠶᠢᠨ ᠬᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠮᠠᠨ ᠤ ᠰᠢᠶᠠᠨ ᠳᠤ ᠶᠠᠪᠤᠭᠳᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠵᠥᠪ ᠲᠠᠨᠢᠵᠤ᠂ ᠤᠷᠤᠯᠳᠤᠭᠠᠨ ᠤ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠢ ᠤᠬᠠᠭᠤᠯᠤᠨ ᠲᠠᠶᠢᠯᠪᠤᠷᠢᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠤᠸᠠᠷ ᠫᠤᠤᠵᠢᠩ ᠲᠠᠯᠪᠢᠬᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠃ ᠣᠷᠣᠨ ᠪᠦᠰᠡ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠪᠠᠶᠢᠩᠭᠤ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ  ᠠᠷᠭᠠᠴᠠᠭᠠᠬᠤ ᠶᠢ ᠴᠢᠩᠭᠠᠳᠬᠠᠵᠤ᠂ ᠪᠥᠬᠦ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠤᠷᠤᠯᠳᠤᠭᠠᠨ ᠤ ᠣᠷᠴᠢᠨ ᠲᠣᠭᠤᠷᠢᠨ ᠤ ᠶᠠᠰᠤ ᠴᠢᠨᠠᠷ ᠪᠠ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠲᠦᠷᠦᠯ ᠤᠨ ᠠᠵᠢᠯ ᠤᠨ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠲᠥᠰᠦᠯ ᠤᠨ ᠪᠣᠯᠤᠮᠵᠢᠲᠤ ᠴᠢᠨᠠᠷ ᠪᠠ ᠰᠢᠨᠵᠢᠯᠡᠬᠦ ᠤᠬᠠᠭᠠᠨᠴᠢ ᠦᠨᠳᠦᠰᠦᠯᠡᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠶ  ᠭᠡᠪᠡ᠃    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠦ ᠰᠤᠳᠤᠯᠪᠠ᠃    ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠵᠢᠴᠢ ᠬᠤᠯᠪᠣᠭᠳᠠᠯ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2