ᠬᠢᠷᠠᠭᠤ ᠤᠨᠠᠬᠤ
ᠨᠡᠶᠢᠲᠡᠯᠡᠭᠰᠡᠨ ᠴᠠᠭ᠄
2023/10/24
   ᠥᠨᠥᠳᠦᠷ ᠨᠠᠮᠤᠷ ᠤᠨ ᠬᠠᠮᠤᠭ ᠰᠡᠭᠦᠯᠴᠢ ᠶᠢᠨ ᠨᠢᠭᠡ ᠴᠠᠭ ᠤᠯᠠᠷᠢᠯ — ᠬᠢᠷᠠᠭᠤ ᠤᠨᠠᠬᠤ ᠶᠢ ᠤᠭᠲᠤᠨ ᠠᠪᠤᠯ᠎ᠠ᠃ ᠬᠢᠷᠠᠭᠤ ᠤᠨᠠᠬᠤ ᠪᠣᠯ ᠬᠤᠷᠢᠨ ᠳᠥᠷᠪᠡᠨ ᠴᠠᠭ ᠤᠯᠠᠷᠢᠯ ᠤᠨ ᠳᠣᠲᠣᠷᠠᠬᠢ ᠠᠷᠪᠠᠨ ᠨᠠᠢᠮᠠᠳᠤᠭᠠᠷ ᠴᠠᠭ ᠤᠯᠠᠷᠢᠯ ᠪᠣᠯᠤᠨ᠎ᠠ᠂ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠪᠡᠯ ᠬᠢᠷᠠᠭᠤ ᠤᠨᠠᠬᠤ ᠠᠴᠠ ᠡᠬᠢᠯᠡᠨ᠎ᠡ᠃ ︽ᠬᠢᠷᠠᠭᠤ︾ ᠪᠣᠯ ᠲᠩᠷᠢ ᠬᠦᠢᠲᠡᠨ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠢᠨ ᠬᠤᠪᠢᠷᠠᠯᠲᠠ ᠶᠡᠭᠡ ᠪᠠᠶᠢᠳᠠᠭ ᠤᠨ ᠢᠯᠡᠷᠡᠯ ᠪᠣᠯᠬᠤᠷ ︽ᠬᠢᠷᠠᠭᠤ ᠪᠠᠭᠤᠬᠤ︾ ᠪᠠᠷ ᠡᠨᠡ ᠬᠦ ︽ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ︾ ᠶᠢ ᠢᠯᠡᠷᠬᠡᠶᠢᠯᠡᠬᠦ ᠴᠠᠭ ᠤᠯᠠᠷᠢᠯ ᠢ ᠨᠡᠷᠡᠯᠡᠪᠡ᠃ ᠬᠢᠷᠠᠭᠤ ᠤᠨᠠᠬᠤ ᠴᠠᠭ ᠤᠯᠠᠷᠢᠯ ᠳᠤ ᠤᠷᠤᠭᠰᠠᠨ ᠤ ᠳᠠᠷᠠᠭ᠎ᠠ᠂ ᠨᠠᠮᠤᠷ ᠤᠨ ᠭᠦᠨ ᠨᠠᠮᠤᠷ ᠤᠨ ᠦᠵᠡᠮᠵᠢ ᠢᠯᠡᠷᠬᠡᠶ ᠪᠣᠯᠵᠣ᠂ ᠬᠦᠢᠳᠡᠨ ᠠᠭᠠᠷ ᠡᠮᠦᠨᠡᠰᠢᠯᠡᠬᠦ ᠨᠢ ᠶᠠᠪᠤᠬᠤ ᠲᠤᠲᠤᠮ ᠣᠯᠠᠰᠢᠷᠠᠳᠠᠭ᠃ ᠪᠥᠬᠦ ᠤᠯᠤᠰ ᠤᠨ ᠳᠤᠮᠳᠠᠴᠢ ᠪᠠᠶᠢᠳᠠᠯ ᠢᠶᠠᠷ ᠠᠪᠴᠤ ᠬᠡᠯᠡᠪᠡᠯ᠂ ︽ᠬᠢᠷᠠᠭᠤ ᠤᠨᠠᠬᠤ︾ ᠪᠣᠯ ᠨᠢᠭᠡ ᠵᠢᠯ ᠤᠨ ᠳᠣᠲᠣᠷᠠᠬᠢ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠪᠠᠷ ᠬᠠᠮᠤᠭ ᠤᠨ ᠶᠡᠭᠡ ᠴᠠᠭ ᠦᠶ᠎ᠡ ᠪᠣᠯᠤᠨ᠎ᠠ᠃
       ᠲᠠᠷᠢᠶᠠᠯᠠᠩ ᠤᠨ ᠵᠦᠢᠷ ᠦᠭᠡ᠄ ᠬᠢᠷᠠᠭᠤ ᠤᠨᠠᠪᠠᠯ ᠬᠢᠷᠠᠭᠤ ᠤᠨᠠᠨ᠎ᠠ᠂ ᠠᠮᠤ ᠪᠤᠳᠠᠭ᠎ᠠ ᠬᠥᠮᠥᠷᠭᠡ ᠳᠦᠭᠦᠷᠡᠩ᠃ ᠬᠠᠪᠤᠷ ᠤᠨ ᠲᠠᠷᠢᠶᠠᠯᠠᠭ᠎ᠠ᠂ ᠵᠤᠨ ᠤ ᠲᠠᠷᠢᠶᠠᠯᠠᠭ᠎ᠠ ᠪᠠᠷ ᠳᠠᠮᠵᠢᠭᠠᠳ᠂ ᠮᠠᠨ ᠤ ᠰᠢᠶᠠᠨ ᠤ ᠡᠯ᠎ᠡ ᠰᠢᠶᠠᠩ ᠪᠠᠯᠭᠠᠰᠤ ᠪᠣᠯᠤᠨ ᠬᠥᠳᠡᠭᠡ ᠠᠵᠤ ᠠᠬᠤᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠮᠵᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠶᠠᠨ ᠤ ᠨᠠᠮ ᠤᠨ  ᠬᠤᠷᠢᠶ᠎ᠠ  ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠵᠦ᠂ ᠨᠠᠮᠤᠷ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠤᠭᠲᠤᠨ ᠠᠪᠴᠢᠷᠠᠵᠠᠢ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ︽ᠰᠠᠭᠠᠯᠢ ᠶᠢᠨ  ᠤᠶᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ︾᠂ ︽ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠵᠢᠱᠢᠶ᠎ᠡ ᠦᠵᠡᠭᠦᠯᠬᠦ ᠰᠢᠶᠠᠨ︾ ᠢ ᠪᠣᠶ ᠪᠣᠯᠭᠠᠬᠤ ᠪᠠᠷ ᠭᠤᠤᠯᠳᠠᠯᠭ᠎ᠠ ᠪᠣᠯᠭᠠᠵᠤ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ᠂ ᠲᠠᠷᠢᠶᠠᠴᠢᠳ ᠢ ᠪᠠᠶᠠᠨ ᠴᠢᠨᠡᠭᠡᠯᠢᠭ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠢᠯᠡᠳᠲᠡ ᠠᠬᠢᠴᠠ ᠲᠠᠢ ᠪᠣᠯᠭᠠᠪᠠ᠃    ᠬᠢᠷᠠᠭᠤ ᠤᠨᠠᠬᠤ ᠦᠶ᠎ᠡ ᠳᠤ ᠠᠭᠤᠷ ᠠᠮᠢᠰᠬᠤᠯ ᠭᠠᠩ ᠬᠠᠭᠤᠷᠠᠶ᠂ ᠢᠳᠡᠭᠡᠨ ᠤᠮᠳᠠᠭᠠᠨ ᠤ ᠲᠠᠯ᠎ᠠ ᠪᠠᠷ ᠬᠦᠢᠲᠡᠨ ᠰᠡᠷᠢᠭᠦᠨ ᠴᠢᠨᠠᠷᠲᠠᠶ ᠢᠳᠡᠭᠡᠨ ᠢ ᠪᠠᠭ᠎ᠠ ᠢᠳᠡᠵᠦ᠂ ᠵᠢᠱᠢᠶᠡᠯᠡᠪᠡᠯ ᠳᠠᠯᠠᠶ ᠶᠢᠨ ᠢᠳᠡᠭᠡᠨ᠂ ᠡᠯ᠎ᠡ ᠵᠦᠢᠯ ᠤᠨ ᠬᠦᠢᠲᠡᠨ ᠤᠮᠳᠠᠭᠠᠨ ᠵᠡᠷᠭᠡ ᠶᠢ ᠢᠳᠡᠵᠦ᠂ ᠬᠦᠢᠲᠡᠨ ᠭᠡᠮ ᠨᠢ ᠳᠡᠯᠢᠭᠦᠦ ᠬᠤᠳᠣᠭᠤᠳᠣ ᠶᠢ ᠭᠡᠮᠲᠦᠭᠡᠵᠦ᠂ ᠡᠪᠡᠳᠴᠢᠨ ᠡᠮᠭᠡᠭ ᠡᠭᠦᠰᠭᠡᠬᠦ ᠠᠴᠠ ᠰᠡᠷᠭᠡᠶᠢᠯᠡᠨ᠎ᠡ᠃ ᠪᠢᠯᠢᠭ ᠢ ᠰᠢᠮᠡᠵᠢᠭᠦᠯᠵᠦ ᠬᠠᠭᠤᠷᠠᠶ ᠶᠢ ᠵᠥᠭᠡᠯᠡᠷᠡᠭᠦᠯᠬᠦ ᠪᠠᠷ ᠭᠤᠣᠯ ᠪᠣᠯᠭᠠᠵᠤ᠂ ᠬᠡᠯᠡᠭᠡᠶ ᠰᠠᠷᠠᠨ᠎ᠠ᠂ ᠪᠠᠯ᠂ ᠴᠠᠭᠠᠨ ᠯᠤᠤᠪᠠᠩ᠂ ᠠᠯᠢᠮ᠎ᠠ᠂ ᠠᠯᠮᠤᠷᠠᠳ ᠵᠡᠷᠭᠡ ᠶᠢ ᠢᠯᠡᠭᠦᠦ ᠢᠳᠡᠪᠡᠯ ᠵᠣᠬᠢᠨ᠎ᠠ᠃    ᠨᠠᠮᠤᠷ ᠳᠠᠭᠤᠰᠴᠤ᠂ ᠡᠪᠦᠯ ᠢᠷᠡᠬᠦ ᠳᠤ ᠲᠩᠷᠢ ᠠᠭᠠᠵᠢᠮ ᠢᠶᠠᠷ  ᠬᠦᠢᠳᠡᠷᠡᠨ᠎ᠡ᠃ ᠤᠯᠠᠷᠢᠯ ᠤᠨ ᠰᠣᠯᠢᠭᠳᠠᠯ ᠨᠢ ᠶᠠᠭ ᠬᠥᠮᠦᠨ ᠤ ᠠᠮᠢᠳᠤᠷᠠᠯ ᠤᠨ ᠠᠶᠠᠯᠠᠯ ᠰᠢᠭ᠋᠃ ᠲᠠᠩᠰᠤᠭ ᠰᠠᠶᠢᠬᠠᠨ ᠥᠨᠢᠷ ᠴᠡᠴᠡᠭ ᠮᠢᠷᠠᠯᠵᠠᠨ ᠳᠡᠯᠭᠡᠷᠡᠵᠦ᠂ ᠬᠤᠷᠴᠠ ᠨᠠᠷᠠ ᠭᠠᠯ ᠮᠡᠲᠦ ᠰᠢᠲᠠᠮ᠎ᠠ ᠬᠠᠯᠠᠭᠤᠨ᠂ ᠪᠠᠰᠠ ᠬᠠᠬᠢᠷ ᠬᠦᠢᠳᠡᠨ ᠬᠢᠷᠠᠭᠤ ᠰᠠᠯᠬᠢ ᠵᠢᠬᠡᠭᠦᠨ ᠵᠢᠬᠡᠭᠦᠨ ᠵᠢᠬᠡᠭᠦᠨ ᠪᠠᠶᠢᠳᠠᠭ ᠤᠴᠢᠷ ᠠᠴᠠ ᠵᠣᠪᠠᠭ᠋ᠤ ᠬᠡᠷᠡᠭ ᠦᠭᠡᠢ᠂ ᠰᠡᠳᠬᠢᠯ ᠵᠢᠷᠦᠬᠡᠨ ᠳᠡᠭᠡᠨ ᠬᠠᠶᠢᠷ᠎ᠠ ᠬᠠᠯᠠᠮᠵᠢ ᠲᠠᠢ᠂ ᠨᠡᠷᠡᠨ ᠵᠦᠭ ᠴᠢᠭᠯᠡᠨ ᠤᠷᠭᠤᠵᠤ᠂ ᠤᠷᠤᠭᠰᠢᠯᠠᠯᠲᠠ ᠶᠢᠨ ᠵᠠᠮ ᠳᠠᠬᠢ ᠡᠩᠬᠦᠯ ᠳᠤᠩᠬᠤᠯ  ᠪᠠᠶᠢᠳᠠᠯ ᠠᠴᠠ ᠠᠶᠤᠬᠤ ᠦᠭᠡᠢ ᠯᠡ ᠶᠤᠮ ᠪᠣᠯ ᠵᠢᠯ ᠤᠨ ᠡᠴᠦᠰ ᠲᠤ ᠵᠣᠯ ᠵᠢᠷᠭᠠᠯ ᠢᠶᠠᠷ ᠪᠢᠯᠬᠠᠨ᠎ᠠ︕                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2