ᠯᠢᠶᠠᠩᠴᠧᠩ ᠰᠢᠶᠠᠨ ︽  ᠠᠷᠪᠠᠨ  ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ‍ᠤᠨ‌‍ᠴᠤᠭᠯᠠᠭᠠᠨ ᠢ  ᠤᠭᠳᠤᠬᠤ᠂ ᠶᠢᠰᠦᠨ ᠰᠠᠷ᠎ᠠ ᠶᠢᠨ ᠶᠢᠰᠦᠨ ᠤ ᠶᠠᠪᠠᠭᠠᠨ ᠠᠶᠠᠯᠠᠯ︾ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/10/24
   ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ  ᠤᠨ ᠴᠤᠭᠯᠠᠭᠠᠨ ᠢ ᠤᠷᠤᠭᠰᠢᠲᠠᠶ ᠪᠠᠷ ᠳᠠᠭᠠᠭᠠᠨ ᠬᠢᠵᠦ᠂ ᠮᠠᠨ ᠤ ᠰᠢᠶᠠᠨ ᠤ ᠪᠣᠯᠪᠠᠰᠤᠨ᠂ ᠡᠶ᠎ᠡ ᠵᠣᠬᠢᠴᠠᠩᠭᠤᠢ᠂ ᠴᠣᠪᠣᠭᠤ ᠰᠡᠷᠭᠦᠯᠡᠩ᠂ ᠥᠭᠡᠳᠡᠷᠬᠡᠭ ᠰᠣᠶᠣᠯ ᠪᠡᠶ᠎ᠡ ᠶᠢᠨ ᠲᠠᠮᠢᠷ ᠤᠨ ᠠᠭᠤᠷ ᠠᠮᠢᠰᠬᠤᠯ ᠢ ᠤᠯᠠᠮ ᠴᠢᠨᠠᠭᠰᠢᠳᠠ ᠪᠤᠢ  ᠪᠤᠯᠭᠠᠬᠤ ᠶᠢᠨ ᠲᠦᠯᠦᠭᠡ᠂ 10 ᠰᠠᠷ᠎ᠠ ᠶᠢᠨ 23 ᠤ ᠡᠳᠦᠷ᠂ ᠯᠢᠶᠠᠩᠴᠧᠩ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶ᠎ᠠ᠂ ᠰᠣᠶᠣᠯ ᠵᠤᠭᠠᠴᠠᠯ ᠤᠨ  ᠲᠤᠪᠴᠢᠶ᠎ᠠ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠳᠠᠭᠠᠭᠠᠴᠢᠯᠠᠨ ᠡᠷᠬᠢᠯᠡᠭᠰᠡᠨ ︽ᠠᠷᠪᠠᠨ  ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ‍ᠤᠨ‌‍ᠴᠤᠭᠯᠠᠭᠠᠨ ᠢ  ᠤᠭᠳᠤᠬᠤ᠂ ᠶᠢᠰᠦᠨ ᠰᠠᠷ᠎ᠠ ᠶᠢᠨ ᠶᠢᠰᠦᠨ ᠤ ᠶᠠᠪᠠᠭᠠᠨ ᠠᠶᠠᠯᠠᠯ︾ ᠤᠨ ᠠᠵᠢᠯᠯᠠᠭ᠎ᠠ  ᠲᠦᠸᠧ ᠪᠠ ᠭᠦᠢ ᠴᠡᠴᠡᠷᠯᠢᠭ ᠲᠤ ᠶᠠᠪᠤᠭᠳᠠᠪᠠ᠃ ᠰᠢᠶᠠᠨ ᠤ ᠤᠳᠤᠷᠢᠳᠤᠯᠭ᠎ᠠ ᠯᠢ ᡁᠢ ᠭᠠᠩ᠂ ᠸᠠᠩ ᠵᠢᠶᠦ᠋ᠨ ᠶᠦᠩ᠂ ᠵᠧᠩ ᠶᠠᠨ ᠹᠠᠩ ᠨᠠᠷ ᠠᠵᠢᠯᠯᠠᠭ᠎ᠠ ᠳᠤ ᠣᠷᠣᠯᠴᠠᠪᠠ᠃
      ᠡᠬᠢᠯᠡᠯᠲᠡ ᠶᠢᠨ ᠶᠣᠰᠣᠯᠠᠯ ᠳᠡᠭᠡᠷ᠎ᠡ᠂ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠶᠣᠰᠣᠯᠠᠯ ᠲᠡᠭᠦᠰᠦᠭᠰᠡᠨ ᠤ ᠲᠠᠷᠠᠭ᠎ᠠ᠂ ᠵᠠᠷᠯᠢᠭ ᠪᠠᠭᠤᠯᠭᠠᠬᠤ ᠶᠢ ᠲᠠᠭᠠᠯᠳᠤᠨ᠂ ᠶᠠᠪᠠᠭᠠᠨ ᠢᠶᠠᠷ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠮᠠᠨ ᠤ ᠰᠢᠶᠠᠨ ᠤ ᠡᠯ᠎ᠡ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠥᠷᠭᠡᠨ ᠤᠯᠠᠨ ᠰᠠᠭᠤᠭᠠᠯᠢ ᠠᠷᠠᠳ ᠵᠡᠷᠭᠡ ᠨᠡᠶᠢᠳᠡ 1400 ᠭᠠᠷᠤᠢ ᠺᠠᠳ᠋ᠷ ᠤᠯᠠᠨ ᠲᠦᠮᠡᠨ ᠡᠬᠢᠯᠡᠯᠲᠡ ᠶᠢᠨ ᠴᠡᠭ ᠠᠴᠠ ᠮᠣᠷᠳᠠᠵᠤ᠂ ᠨᠢᠭᠡᠨᠲᠡ ᠲᠣᠭᠲᠠᠭᠰᠠᠨ ᠤᠷᠤᠯᠳᠤᠭᠠᠨ ᠤ ᠱᠤᠭᠤᠮ ᠢᠶᠠᠷ ᠲᠡᠭᠦᠰᠬᠡᠯ ᠤᠨ ᠴᠡᠭ ᠵᠦᠭ ᠤᠷᠤᠭᠰᠢᠯᠠᠪᠠ᠃ ᠨᠠᠮᠤᠷ ᠤᠨ ᠤᠯᠠᠷᠢᠯ ᠤᠨ ᠲᠠᠭᠠᠯᠠᠮᠵᠢᠲᠠᠢ ᠶᠢ ᠲᠠᠭᠠᠯᠳᠤᠨ᠂ ᠤᠯᠠᠨ ᠢᠶᠠᠷ ᠢᠶᠠᠨ ᠴᠤᠭ ᠵᠢᠪᠬᠤᠭ᠎ᠠ ᠪᠠᠷ ᠪᠢᠯᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠵᠤ᠂ ᠢᠳᠡᠷᠡᠭᠦᠨ ᠠᠯᠬᠤᠭ᠎ᠠ ᠪᠠᠷ ᠵᠠᠮ ᠳᠠᠭᠠᠤ ᠶᠢᠨ ᠭᠤᠶᠤ ᠦᠵᠡᠮᠵᠢ ᠶᠢ ᠰᠣᠨᠢᠷᠬᠠᠵᠤ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠵᠣᠷᠢᠭᠵᠢᠭᠤᠯᠵᠤ᠂ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ 4.3  ᠺᠢᠯᠤᠮᠧᠲᠷ ᠤᠨ ᠶᠠᠪᠠᠭᠠᠨ ᠠᠵᠢᠯᠯᠠᠭ᠎ᠠ ᠶᠢ ᠪᠡᠶᠡᠯᠡᠭᠦᠯᠪᠡ᠃
     ᠯᠢ ᠶᠠᠨ ᠰᠢᠳᠦᠨ ᠤ ᠰᠠᠯᠠᠭ᠎ᠠ   ᠣᠷᠣᠯᠴᠠᠭᠰᠠᠳ ᠵᠠᠩ ᠫᠸᠢ ᠶᠦᠨ    ᠥᠨᠥᠳᠦᠷ ᠪᠢ ᠯᠢᠶᠠᠩᠴᠧᠩ  ᠰᠢᠶᠠᠨ ᠤ ᠶᠠᠪᠠᠭᠠᠨ ᠠᠶᠠᠯᠠᠯ ᠳᠤ  ᠤᠷᠤᠯᠴᠠᠯ᠎ᠠ᠂ ᠵᠣᠯ ᠢᠶᠠᠷ ᠵᠢᠷᠭᠤᠳᠤᠭᠠᠷ ᠲᠤ ᠣᠷᠣᠪᠠ ᠂ ᠶᠢᠰᠦᠨ ᠰᠠᠷ᠎ᠠ ᠶᠢᠨ ᠶᠢᠰᠦᠨ ᠤ ᠪᠠᠶᠠᠷ ᠲᠤ ᠪᠢ ᠥᠨᠳᠥᠷ ᠲᠤ ᠠᠪᠠᠷᠢᠬᠤ ᠪᠠᠷ ᠪᠠᠷᠠᠬᠤ ᠦᠭᠡᠢ ᠪᠠᠰᠠ ᠪᠡᠶ᠎ᠡ ᠪᠠᠨ ᠪᠣᠯᠪᠠᠰᠤᠷᠠᠭᠤᠯᠪᠠ᠂ ᠯᠢᠶᠠᠩᠴᠧᠩ  ᠰᠢᠶᠠᠨ ᠤ ᠠᠷᠠᠳ ᠲᠦᠮᠡᠨ ᠬᠠᠮᠲᠤ ᠪᠠᠷ ᠣᠷᠣᠯᠴᠠᠬᠤ ᠶᠢ ᠬᠦᠰᠡᠵᠦ ᠪᠠᠶᠢᠨ᠎ᠠ   ᠭᠡᠪᠡ᠃                                    ᠨᠠᠶᠢᠷᠠᠭᠤᠯᠤᠭᠴᠢ᠄   ᠶᠠᠩ  ᠿᠦᠢ ᠵᠧᠨ                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2