ᠯᠢᠶᠠᠩᠴᠧᠩ ᠰᠢᠶᠠᠨ᠄ ᠬᠥᠳᠡᠭᠡ ᠲᠣᠰᠬᠤᠨ ᠤ ᠵᠠᠮ  ᠢ ᠰᠢᠨ᠎ᠡ ᠪᠠᠷ ᠵᠠᠰᠠᠵᠦ ᠠᠷᠠᠳ ᠤᠨ ᠠᠮᠢᠳᠤᠷᠠᠯ ᠤᠨ ︽ᠵᠣᠯ ᠵᠢᠷᠭᠠᠯᠳᠦ ᠵᠠᠮ︾ ᠢ ᠨᠡᠭᠡᠭᠡᠪᠡ
ᠨᠡᠶᠢᠲᠡᠯᠡᠭᠰᠡᠨ ᠴᠠᠭ᠄
2023/10/7
   ᠠᠶᠢᠯ ᠡᠷᠦᠬᠡ ᠶᠢ ᠬᠤᠯᠪᠣᠭᠰᠠᠨ ᠬᠥᠳᠡᠭᠡ ᠲᠣᠰᠬᠤᠨ ᠤ ᠵᠠᠰᠠᠮᠠᠯ ᠵᠠᠮ ᠨᠢ ᠨᠡᠪᠲᠡᠷᠡᠬᠦ ᠵᠠᠮ ᠪᠣᠯᠬᠤ ᠪᠠᠷ ᠪᠠᠷᠠᠬᠤ ᠥᠬᠡᠶ᠂ ᠨᠠᠩ ᠴᠤ ᠠᠵᠤ ᠤᠶᠢᠯᠡᠰ ᠤᠨ ᠵᠠᠮ᠂ ᠵᠣᠯ ᠵᠢᠷᠭᠠᠯᠲᠤ ᠵᠠᠮ ᠪᠣᠯᠬᠤ ᠶᠤᠮ᠃ ᠤᠢᠢᠷ᠎ᠠ ᠶᠢᠨ ᠵᠢᠯ ᠠᠴᠠ᠂ ᠮᠠᠨ ᠤ ᠰᠢᠶᠠᠨ ᠬᠥᠳᠡᠭᠡ ᠲᠣᠰᠬᠤᠨ ᠤ ᠵᠠᠮ ᠤᠨ ᠲᠣᠣᠷ ᠤᠨ ᠢᠵᠢ ᠪᠦᠷᠢᠳᠦᠭᠦᠯᠦᠯᠲᠡ ᠶᠢ ᠴᠢᠩᠭᠠᠳᠬᠠᠬᠤ ᠶᠢ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠤᠯᠪᠣᠯᠳᠤᠨ ᠨᠡᠪᠲᠡᠷᠡᠯᠴᠡᠬᠦ ᠪᠠᠷ ᠲᠤᠯᠭᠠᠭᠤᠷᠢᠯᠠᠯ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠢ ᠵᠠᠮ ᠲᠡᠭᠡᠭᠡᠪᠦᠷᠢ ᠶᠢᠨ ᠲᠣᠣᠷ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠵᠠᠢ᠃
      ᠡᠨᠡ ᠬᠤᠭᠤᠴᠠᠭᠠᠨ ᠳᠤ᠂ ᠲᠢᠶᠠᠨ ᠴᠧᠩ ᠰᠢᠶᠠᠩ ᠤᠨ ᠦ᠋ ᠭᠦ᠋ ᠳ᠋ᠢ ᠲᠣᠰᠬᠤᠨ ᠳᠤ᠂ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠶᠠᠭ ᠬᠦᠷ ᠬᠥᠭᠵᠢᠶᠡᠨ ᠲᠠᠢ ᠶᠠᠪᠤᠭᠳᠠᠵᠤ᠂ ᠪᠠᠷᠢᠯᠭ᠎ᠠ ᠶᠢᠨ ᠲᠡᠷᠭᠡ ᠬᠥᠰᠬᠡ ᠨᠠᠰᠢ ᠴᠠᠰᠢ ᠰᠦᠯᠵᠢᠯᠳᠦᠵᠦ᠂ ᠠᠵᠢᠯᠴᠢᠳ ᠡᠷᠴᠢ ᠵᠣᠷᠢᠭ ᠢᠶᠠᠨ ᠬᠥᠪᠴᠢᠯᠡᠵᠦ᠂ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ ᠪᠠᠶᠢᠯ᠎ᠠ᠃     ᠥᠩᠭᠡᠷᠡᠭᠰᠡᠨ ᠳᠤ ᠡᠨᠡ ᠵᠠᠮ ᠢᠶᠠᠷ ᠶᠠᠪᠤᠬᠤ ᠳᠤ ᠦᠨᠡᠬᠡᠷ ᠬᠦᠴᠢᠷ ᠲᠠᠢ ᠪᠠᠶᠢᠪᠠ᠂ ᠤᠴᠢᠷ ᠨᠢ ᠭᠠᠳᠠᠭᠰᠢ ᠭᠠᠷᠴᠤ ᠲᠠᠷᠢᠶ᠎ᠠ ᠲᠠᠷᠢᠵᠤ  ᠨᠦᠬᠡ ᠪᠢᠰᠢ ᠪᠣᠯ ᠰᠤᠪᠠᠭ ᠲᠡᠳᠦᠶ ᠶᠤᠮ᠂ ᠤᠳᠤ ᠵᠠᠮ ᠢ ᠤᠳᠠᠯ ᠦᠭᠡᠢ ᠵᠠᠰᠠᠵᠤ ᠳᠠᠭᠤᠰᠬᠠᠪᠠ᠂ ᠮᠠᠨ ᠤ ᠲᠣᠰᠬᠤᠨ ᠤ ᠠᠷᠠᠳ ᠮᠠᠰᠢ ᠲᠠᠯᠠᠷᠬᠠᠵᠤ ᠪᠠᠶᠢᠨ᠎ᠠ᠂ ᠭᠠᠳᠠᠭᠰᠢ ᠭᠠᠷᠬᠤ ᠳᠤ ᠳᠥᠭᠦᠮ ᠪᠣᠯᠤᠭᠰᠠᠨ ᠳᠤ ᠲᠥᠮᠥᠰᠥ ᠬᠦᠷᠭᠡᠬᠦ ᠳᠤ ᠶᠡᠭᠡ ᠰᠠᠶᠢᠨ᠂ ᠡᠴᠦᠰ ᠲᠡᠭᠡᠨ ᠬᠦᠰᠡᠯᠡᠩ ᠢᠶᠠᠨ ᠪᠡᠶᠡᠯᠡᠭᠦᠯᠴᠢᠬᠡᠯ᠎ᠡ ᠭᠡᠵᠦ ᠲᠤᠰᠬᠤᠨ ᠤ ᠠᠷᠠᠳ ᠤᠳ ᠬᠡᠯᠡᠯᠴᠡᠨ᠎ᠡ  ᠃
      ᠬᠥᠳᠡᠭᠡ ᠲᠣᠰᠬᠤᠨ ᠤ ᠠᠷᠠᠳ ᠲᠤ ᠳᠦᠬᠦᠮ ᠦᠵᠡᠭᠦᠯᠬᠦ ᠵᠠᠮ ᠢ ᠵᠠᠰᠠᠵᠤ ᠨᠡᠪᠲᠡᠷᠡᠭᠦᠯᠦᠭᠰᠡᠨ ᠢᠶᠠᠷ ᠤᠯᠠᠨ ᠲᠦᠮᠡᠨ ᠳᠤ ᠨᠡᠩ ᠠᠮᠤᠷ ᠲᠦᠪᠰᠢᠨ᠂ ᠨᠡᠩ ᠲᠠᠭᠠᠯᠠᠮᠵᠢᠲᠠᠶ ᠶᠠᠪᠤᠵᠤ ᠰᠠᠭᠤᠬᠤ ᠣᠷᠴᠢᠨ ᠨᠥᠬᠦᠴᠡᠯ ᠢ ᠡᠳ᠋ᠯᠡᠭᠦᠯᠵᠦ᠂ ᠠᠷᠠᠳ ᠤᠯᠠᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠪᠡ᠃    ᠡᠦ ᠭᠦ᠋ ᠳ᠋ᠢ ᠲᠣᠰᠬᠤᠨ ᠤ ᠤᠤᠯ ᠤᠨ ᠪᠠᠶᠢᠭᠰᠠᠨ ᠵᠠᠮ ᠬᠦᠨᠳᠦ ᠨᠣᠴᠢᠲᠠᠢ ᠡᠪᠳᠡᠭᠳᠡᠵᠦ᠂ ᠡᠨᠡ ᠵᠢᠯ ᠤᠨ ᠵᠠᠮ ᠵᠠᠰᠠᠬᠤ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠡᠶᠡᠯᠡᠭᠦᠯᠦᠭᠰᠡᠨ ᠤ ᠲᠠᠷᠠᠭ᠎ᠠ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠲᠦᠭᠦᠮ ᠦᠵᠡᠭᠦᠯᠵᠦ᠂ ᠲᠣᠰᠬᠤᠨ ᠤ ᠠᠷᠠᠳ ᠤᠨ ᠨᠠᠮᠤᠷ ᠤᠨ ᠬᠤᠷᠢᠶᠠᠯᠲᠠ ᠳᠤ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ ᠂ ᠡᠨᠡ ᠵᠢᠯ ᠪᠥᠬᠦ ᠰᠢᠶᠠᠨ ᠤ ᠬᠡᠷᠡᠭᠵᠢᠭᠦᠯᠦᠭᠰᠡᠨ ᠬᠥᠳᠡᠭᠡ ᠲᠣᠰᠬᠤᠨ ᠤ ᠵᠠᠰᠠᠮᠠᠯ ᠵᠠᠮ ᠤᠨ ᠰᠦᠯᠵᠢᠶ᠎ᠡ ᠨᠢ ᠨᠡᠶᠢᠲᠡ 8 ᠵᠤᠷᠪᠤᠰ 22.1 ᠺᠢᠯᠣᠮᠧᠲᠷ ᠪᠠᠶᠢᠵᠤ᠂ ᠨᠡᠶᠢᠲᠡ 1314 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠪᠠᠶᠢᠨ᠎ᠠ᠃ ᠡᠭᠦᠨ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠤᠨ 1 ᠵᠤᠷᠪᠤᠰ ᠵᠠᠮ ᠤᠨ ᠥᠷᠭᠡᠨ ᠤ ᠬᠡᠮᠵᠢᠶ᠎ᠡ ᠨᠢ 6.5 ᠮᠧᠲᠷ᠂ ᠳᠥᠷᠪᠡᠳᠦᠭᠡᠷ ᠳᠡᠰ ᠤᠨ ᠵᠠᠰᠠᠮᠠᠯ ᠵᠠᠮ 7 ᠵᠤᠷᠪᠤᠰ᠂ ᠵᠠᠮ ᠤᠨ ᠥᠷᠭᠡᠨ ᠤ ᠬᠡᠮᠵᠢᠶ᠎ᠡ ᠨᠢ 4.5 ᠮᠧᠲᠷ ᠪᠣᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠨᠢᠭᠡ ᠲᠥᠷᠥᠯ  ᠵᠤᠶᠢᠯ ᠢ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠵᠠᠮ ᠤᠨ ᠣᠷᠳᠣ ᠨᠢ 9.2 ᠺᠢᠯᠣᠮᠧᠲᠷ ᠪᠠᠶᠢᠵᠤ᠂ ᠲᠥᠷᠥᠯ  ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1860 ᠲᠦᠮᠡᠨ ᠲᠥᠭᠦᠷᠢᠭ ᠲᠤ ᠬᠥᠷᠪᠡ᠃ 76.66 ᠺᠢᠯᠣᠮᠧᠲᠷ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠡᠭᠦᠨ ᠳᠤ ᠳᠤᠮᠳᠠᠳᠤ ᠤᠯᠤᠰ ᠤᠨ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠶᠡᠭᠡ ᠳᠤᠮᠳᠠ ᠬᠡᠰᠡᠭ ᠲᠤ 6.512 ᠺᠢᠯᠣᠮᠧᠲᠷ ᠠᠷᠠᠴᠢᠯᠠᠨ ᠬᠠᠮᠠᠭᠠᠯᠠᠪᠠ᠃ ᠲᠣᠰ ᠲᠥᠷᠥᠯ  ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 3102 ᠲᠦᠮᠡᠨ ᠲᠥᠭᠦᠷᠢᠭ᠂ ᠨᠥᠬᠦᠪᠥᠷᠢ ᠪᠠᠯᠠ ᠮᠥᠩᠭᠦ ᠨᠢ 2405 ᠲᠦᠮᠡᠨ ᠲᠥᠭᠦᠷᠢᠭ ᠪᠣᠯᠤᠨ᠎ᠠ᠃
      ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠤ ᠬᠢᠨ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠨᠡᠪᠲᠡᠷᠡᠯᠭᠡ ᠶᠢᠨ ᠭᠦᠨᠴᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠣᠷᠵᠢᠭᠤᠯᠤᠨ ᠳᠡᠭᠡᠭᠰᠢᠯᠡᠭᠦᠯᠬᠦ ᠢᠨᠵᠧᠨᠧᠷᠢᠩ᠂ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠪᠣᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠤᠷᠠᠬᠤ ᠠᠶᠤᠯᠲᠠᠢ ᠬᠠᠭᠤᠴᠢᠨ ᠬᠥᠭᠦᠷᠭᠡ ᠶᠢ ᠥᠭᠡᠷᠡᠴᠢᠯᠡᠬᠦ ᠵᠢᠴᠢ ᠲᠣᠰᠬᠤᠨ ᠤ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠳᠤ ᠪᠣᠯᠲᠠᠯ᠎ᠠ ᠪᠦᠬᠦ ᠰᠢᠶᠠᠨ ᠤ ᠬᠥᠳᠡᠭᠡ ᠲᠣᠰᠬᠤᠨ ᠤ ᠵᠠᠮ ᠤᠨ ᠪᠦᠬᠦ ᠤᠷᠳᠤ ᠶᠢᠨ  ᠬᠡᠮᠵᠢᠶ᠎ᠡ 1623 ᠺᠢᠯᠣᠮᠧᠲᠷ ᠲᠤ ᠬᠦᠷᠴᠦ᠂ ᠪᠦᠬᠦ ᠰᠢᠶᠠᠨ ᠤ ᠬᠥᠳᠡᠭᠡ ᠲᠣᠰᠬᠤᠨ ᠤ ᠵᠠᠮ ᠢ 100% ᠢᠶᠠᠷ ᠨᠡᠪᠲᠡᠷᠡᠭᠦᠯᠵᠡᠢ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2