ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠵᠢᠩ ᠭᠧᠤ ᠽᠢ ᠲᠣᠰᠬᠤᠨ᠄ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ ᠲᠥᠪ ᠰᠤᠷᠲᠠᠯ ᠢ ᠪᠠᠳᠠᠷᠠᠭᠤᠯᠵᠤ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/11/1
  ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠠᠷᠢᠭᠤᠨ ᠴᠡᠪᠡᠷ ᠰᠣᠶᠣᠯ ᠢ ᠬᠥᠳᠡᠭᠡ ᠲᠣᠰᠬᠤᠨ ᠳᠤ ᠣᠷᠣᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠤ ︽ᠰᠣᠶᠣᠯ ᠤᠨ ᠠᠷᠢᠭᠤᠨ ᠣᠷᠣᠨ︾ ᠢ ᠰᠠᠬᠢᠨ ᠬᠠᠮᠠᠭᠠᠯᠠᠬᠤ ᠪᠠᠲᠤ ᠴᠢᠩᠭ᠎ᠠ ᠪᠠᠬᠢᠯᠡᠯᠲᠡ ᠮᠥᠨ᠃ ᠪᠦᠬᠦ ᠤᠯᠤᠰ ᠤᠨ ᠪᠣᠯᠪᠠᠰᠤᠨ ᠬᠥᠳᠡᠭᠡ ᠲᠣᠰᠬᠤᠨ ᠪᠣᠯᠤᠭᠰᠠᠨ ᠤ ᠬᠤᠪᠢ ᠳᠤ ᠂ ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤ ᠶᠢᠨ ᠵᠢᠩ ᠭᠸᠤ ᠽᠢ ᠲᠣᠰᠬᠤᠨ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠦᠨᠳᠦᠰᠦᠨ ᠱᠠᠲᠤᠨ ᠤ ᠦᠷᠳᠡᠭᠡ ᠴᠡᠭ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠤᠣᠯ ᠦᠷᠳᠡᠭᠡ ᠶᠢᠨ ᠰᠠᠶᠢᠨ ᠳᠤᠷ᠎ᠠ ᠶᠢᠨ ᠡᠩᠨᠡᠭᠡ ᠶᠢᠨ ᠡᠭᠦᠷᠭᠡ ᠴᠢᠳᠠᠪᠬᠢ ᠶᠢ ᠨᠡᠶᠢᠳᠬᠡᠵᠦ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠴᠢᠷᠮᠠᠶᠢᠵᠤ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠥᠷᠨᠢᠭᠦᠯᠵᠦ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠂ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠬᠠᠮᠤᠭ ᠤᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠦᠨᠳᠦᠰᠦᠨ ᠱᠠᠳᠤ ᠨᠢ ᠭᠤᠣᠯᠳᠠᠯᠭ᠎ᠠ᠂ ᠬᠦᠴᠢᠷ ᠠᠰᠠᠭᠤᠳᠠᠯ ᠪᠣᠯᠬᠤ ᠪᠠᠷ ᠪᠠᠷᠠᠬᠤ ᠦᠭᠡᠢ ᠨᠡᠩ ᠴᠤ ᠪᠠᠭᠤᠷᠠᠢ ᠭᠤᠭᠴᠤᠭ᠎ᠠ ᠪᠣᠯᠬᠤ ᠶᠤᠮ᠃ ᠠᠵᠢᠯ ᠤᠨ ᠤᠯᠠᠨ ᠲᠦᠮᠡᠨ ᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠭᠤᠤ ᠭᠠᠴᠠᠭ᠎ᠠ ᠲᠣᠰᠬᠤᠨ ᠤ ᠬᠢᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠢᠶᠠᠷ ᠲᠠᠶᠢᠴᠢᠯᠠᠵᠦ᠂ ᠠᠯᠪᠠᠯᠠᠬᠤ ᠨᠥᠬᠦᠴᠡᠯ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ︾ ᠪᠣᠳᠠᠲᠠᠢ ᠦᠷ᠎ᠡ ᠪᠦᠲᠦᠮᠵᠢ ᠣᠯᠵᠤ᠂ ᠬᠠᠮᠤᠭ ᠤᠨ ᠬᠦᠴᠦᠷᠬᠡᠭ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠴᠣᠭᠴᠠᠯᠠᠪᠠ᠃ ᠭᠠᠴᠠᠭᠠᠨ ᠤ ᠠᠷᠠᠳ ᠤᠨ ᠵᠥᠪᠯᠡᠯ ᠤᠨ ᠪᠠᠶᠢᠩᠭᠤ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠶᠠᠨ ᠳᠠᠬᠢ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠣᠯᠠᠨ ᠲᠦᠮᠡᠨ ᠢ ᠳᠠᠶᠢᠴᠢᠯᠠᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠪᠠ᠃    ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠲᠦᠰᠢᠭᠯᠡᠨ᠂ ᠠᠬᠠᠮᠠᠳ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠣᠰᠬᠤᠨ ᠤ ᠰᠣᠶᠣᠯ ᠤᠨ ᠠᠭᠤᠳᠠᠮ ᠲᠠᠯᠠᠪᠠᠢ᠂ ᠰᠤᠷᠭᠠᠭᠤᠯᠢ᠂ ᠨᠣᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠬᠥᠮᠦᠨ ᠠᠮᠠ ᠲᠥᠪᠯᠡᠷᠡᠭᠰᠡᠨ ᠣᠷᠣᠨ ᠪᠦᠰᠡ ᠳᠤ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠤᠯᠠᠨ ᠲᠦᠮᠡᠨ ᠤ ᠣᠶᠢᠯᠠᠭᠠᠬᠤ ᠨᠤᠷᠮ᠎ᠠ ᠪᠣᠯᠤᠨ ᠣᠷᠣᠯᠴᠠᠬᠤ  ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠵᠦ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃    ᠲᠠᠯ᠎ᠠ ᠨᠤᠲᠤᠭ ᠤᠨ ᠨᠣᠮ ᠤᠨ ᠥᠷᠥᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠤᠶᠢᠯᠡᠳᠤᠯᠭᠡ ᠶᠢᠨ ᠥᠷᠲᠡᠭᠡ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ ᠤᠯᠠᠭᠠᠨᠮᠥ᠋ᠴᠢᠷ ᠲᠠᠢ ᠬᠠᠮᠲᠤᠷᠠᠨ ︽ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ︾᠂ ︽ᠨᠣᠭᠤᠭᠠᠨ ᠪᠢᠴᠢᠭ ᠤᠨ ᠱᠣᠰᠢᠭ᠎ᠠ ᠲᠡᠮᠳᠡᠭᠯᠡᠬᠦ ᠠᠵᠢᠯᠯᠠᠭ᠎ᠠ︾᠂ ︽ᠬᠠᠤᠯᠢ ᠲᠦᠷᠢᠮ ᠤᠨ ᠤᠬᠠᠭᠤᠯᠭ᠎ᠠ ᠶᠢᠨ ᠡᠳᠦᠷ︾ ᠵᠡᠷᠭᠡ ᠵᠠᠩᠭᠢᠯᠠᠭ᠎ᠠ ᠶᠢᠨ ᠴᠡᠭ ᠲᠤ ᠰᠣᠶᠣᠯ ᠤᠨ ︽ᠭᠤᠷᠪᠠ ᠶᠢ ᠬᠥᠳᠡᠭᠡ ᠪᠠᠭᠤᠯᠭᠠᠬᠤ︾ ᠵᠡᠷᠭᠡ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠳᠤ ᠦᠵᠡᠯ ᠤᠬᠠᠮᠰᠠᠷ ᠤᠨ ᠬᠡᠯᠪᠡᠷᠢ ᠶᠢᠨ ᠵᠢᠯᠣᠭᠤᠳᠣᠯᠭ᠎ᠠ ᠪᠠ ᠬᠥᠮᠦᠵᠢᠯ ᠬᠢᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃
       ᠵᠢᠩ ᠭᠧᠤ ᠲᠣᠰᠬᠤᠨ ᠤ ᠨᠠᠮ ᠤᠨ ᠡᠭᠦᠷ ᠤᠨ ᠱᠦᠵᠢ ᠸᠠᠩ ᠴᠦᠨ ᠬᠤᠢ    ᠪᠢᠳᠡ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠭᠤᠯᠭ᠎ᠠ ᠶᠢ ᠫᠷᠤᠭ᠍ᠷᠠᠮ ᠳᠤ ᠠᠭᠤᠰᠬᠠᠨ ᠣᠷᠣᠭᠤᠯᠵᠤ᠂ ᠰᠢ ᠵᠦᠴᠦᠭᠡ᠂ ᠳᠠᠭᠤᠤ ᠪᠥᠵᠢᠭ᠂ ᠱᠤᠭ ᠶᠠᠷᠢᠶ᠎ᠠ ᠱᠤᠭ ᠶᠠᠷᠢᠶ᠎ᠠ ᠪᠠᠷ ᠤᠬᠠᠭᠤᠯᠪᠠᠯ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠮᠥᠷᠲᠡᠭᠡᠨ ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠴᠤ ᠦᠯᠦ ᠮᠡᠳᠡᠭᠳᠡᠮᠡ᠂ ᠬᠥᠮᠦᠰ ᠤᠨ ᠰᠡᠳᠬᠢᠯ ᠳᠤ ᠬᠠᠳᠠᠩᠰᠢᠭᠤᠯᠵᠤ ᠂ ᠬᠥᠮᠦᠨ ᠪᠦᠬᠦᠨ ᠢ ᠣᠷᠣᠯᠴᠠᠭᠤᠯᠵᠤ ᠴᠢᠳᠠᠨ᠎ᠠ᠃    ︽ᠱᠠᠯᠢᠭ ᠵᠠᠪᠬᠠᠶ  ᠵᠤᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ᠳᠣᠲᠣᠷᠠᠬᠢ ᠰᠦᠯᠵᠢᠶᠡᠨ ᠤ ᠠᠵᠢᠯᠲᠠᠨ᠂ ᠬᠠᠮᠵᠢᠨ ᠬᠠᠮᠢᠶᠠᠷᠤᠭᠴᠢ ᠠᠴᠠ ᠴᠤᠭᠯᠠᠭᠤᠯᠵᠤ ᠣᠯᠤᠭᠰᠠᠨ ᠡᠯ᠎ᠡ ᠲᠥᠷᠥᠯ ᠤᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠲᠣᠭᠤᠷᠢᠨ ᠪᠠᠶᠢᠴᠠᠭᠠᠬᠤ ᠶᠢ ᠴᠢᠩᠭᠠᠳᠬᠠᠨ᠂ ᠥᠷᠭᠡᠨ ᠢᠶᠠᠷ ᠬᠢᠨᠠᠯᠲᠠ ᠲᠠᠯᠪᠢᠵᠤ᠂ ︽ᠱᠠᠯᠢᠭ ᠵᠠᠪᠬᠠᠶ ᠵᠤᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠲᠠᠰᠤᠷᠠᠯᠲᠠ ᠥᠬᠡᠶ ᠬᠢᠬᠦ ᠬᠡᠷᠡᠭᠲᠡᠶ᠃ ᠡᠭᠦᠨ ᠤ ᠬᠠᠮᠲᠤ ︽ᠱᠠᠯᠢᠭ ᠵᠠᠪᠬᠠᠶ ᠵᠤᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ · ᠴᠢᠬᠢ ᠮᠣᠳᠣ ᠶᠢ ᠬᠠᠮᠠᠭᠠᠯᠠᠬᠤ︾ ᠰᠤᠷᠭᠠᠭᠤᠯᠢ ᠶᠢᠨ ᠬᠦᠷᠢᠶᠡᠨ ᠳᠤ ᠣᠷᠣᠬᠤ᠂ ︽ᠴᠢᠬᠢ ᠮᠣᠳᠣ ᠶᠢ ᠬᠠᠮᠠᠭᠠᠯᠠᠬᠤ ᠬᠢᠴᠢᠶᠡᠯ ᠤᠨ ᠲᠠᠩᠬᠢᠮ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠴᠢᠬᠢ ᠮᠣᠳᠣ ᠶᠢ ᠬᠠᠮᠠᠭᠠᠯᠠᠬᠤ ᠣᠶᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠤ ᠰᠣᠷᠣᠭᠴᠢ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠪᠠ᠃
     ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ    ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠯᠢ ᠱᠤᠤ  ᠪᠦᠸᠧ    ᠰᠢᠶᠠᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠪᠠᠷ ᠰᠢᠶᠠᠨ ᠤ ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠰᠣᠶᠣᠯ ᠤᠨ ᠵᠠᠬ᠎ᠠ ᠳᠡᠯᠭᠡᠭᠦᠷ ᠲᠤ ᠲᠠᠯᠪᠢᠬᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠣᠯᠪᠠᠰᠤᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠪᠠ᠃    ᠭᠠᠪᠢᠶ᠎ᠠ ᠶᠢ ᠨᠢᠭᠡ ᠯᠡ ᠡᠳᠦᠷ ᠲᠤ ᠪᠦᠲᠦᠭᠡᠴᠢᠬᠡᠬᠦ ᠪᠢᠰᠢ ᠪᠣᠯᠪᠠᠰᠤ ᠦᠯᠡᠮᠵᠢ ᠵᠣᠬᠢᠶᠠᠯ ᠢ ᠨᠢᠭᠡ ᠯᠡ ᠰᠥᠨᠢ ᠶᠢᠨ ᠳᠣᠲᠣᠷ᠎ᠠ ᠪᠢᠴᠢᠵᠦ ᠪᠣᠯᠤᠮᠤᠶ ︵ᠰᠢᠭᠦᠮᠵᠢᠯᠡᠯ ᠥᠭᠦᠯᠡᠯ︶᠃ ᠯᠢᠶᠠᠩᠴᠧᠩ ᠰᠢᠶᠠᠨ ᠤ ᠬᠤᠩ ᠮᠤᠤ ᠪᠠᠯᠭᠠᠰᠤ ᠶᠢᠨ ᠵᠢᠩ ᠭᠸᠤ ᠽᠢ ᠲᠣᠰᠬᠤᠨ ᠤ ᠬᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠠᠮᠲᠤᠷᠠᠯ ᠤᠨ ᠬᠦᠴᠦᠨ ᠢ ᠪᠠᠳᠠᠷᠠᠭᠤᠯᠵᠤ᠂ ᠡᠯ᠎ᠡ ᠵᠦᠢᠯ ᠤᠨ ︽ᠬᠤᠸᠠᠩ ᠹᠸᠢ︾ ᠶᠢᠨ ᠨᠡᠶᠢᠭᠡᠮ ᠤᠨ ᠦᠵᠡᠭᠳᠡᠯ ᠢ ᠬᠠᠮᠲᠤᠪᠠᠷ ᠬᠤᠷᠢᠭᠯᠠᠵᠤ᠂ ᠲᠣᠭᠲᠠᠭᠤᠨ ᠡᠮᠬᠢ ᠳᠢᠭᠯᠢᠮ ᠲᠠᠢ᠂ ᠡᠷᠡᠭᠦᠯ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2