ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾  ᠤ ᠡᠮ ᠤᠨ  ᠵᠤᠶᠢᠯ ᠢ ᠡᠵᠡᠩᠨᠡᠨ ᠬᠡᠷᠡᠭᠯᠡᠬᠦ ᠨᠢᠭᠡᠴᠡ ᠶᠢᠨ ᠪᠣᠯᠪᠠᠰᠤᠷᠠᠭᠤᠯᠤᠯ ᠤᠨ ᠬᠤᠷᠠᠯ ᠵᠢᠴᠢ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2023/11/13
   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠤᠷᠤᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠦᠨᠡᠨ ᠬᠦ ᠪᠠᠲᠤᠯᠠᠵᠤ᠂ ᠡᠮ ᠤᠨ ᠢᠷᠡᠯᠲᠡ ᠶᠢᠨ ᠴᠢᠨᠠᠷᠲᠠᠶ ᠬᠥᠭᠡᠷᠦᠭᠦᠯᠬᠦ ᠡᠮ ᠤᠨ ᠬᠡᠷᠡᠭ ᠪᠠ ᠡᠮ ᠤᠨ  ᠵᠤᠶᠢᠯ ᠤᠨ ᠠᠮᠤᠷ ᠲᠦᠪᠰᠢᠨ ᠤ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 11 ᠰᠠᠷ᠎ᠠ ᠶᠢᠨ 13 ᠤ ᠡᠳᠦᠷ᠂ ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾  ᠤ ᠡᠮ ᠤᠨ  ᠵᠤᠶᠢᠯ ᠢ ᠡᠵᠡᠩᠨᠡᠨ ᠬᠡᠷᠡᠭᠯᠡᠬᠦ ᠨᠢᠭᠡᠴᠡ ᠶᠢᠨ ᠪᠣᠯᠪᠠᠰᠤᠷᠠᠭᠤᠯᠤᠯ ᠤᠨ ᠬᠤᠷᠠᠯ ᠵᠢᠴᠢ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠪᠥᠬᠦ ᠰᠢᠶᠠᠨ ᠤ ᠡᠯ᠎ᠡ ᠡᠮ ᠤᠨ  ᠵᠤᠶᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠡᠮ ᠤᠨ  ᠵᠤᠶᠢᠯ ᠢ ᠬᠡᠷᠡᠭᠯᠡᠬᠦ ᠨᠢᠭᠡᠴᠡ ᠶᠢᠨ ᠬᠠᠷᠢᠭᠤᠴᠠᠯᠭᠠᠲᠠᠨ ᠨᠡᠶᠢᠲᠡ 70 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
       ᠪᠣᠯᠪᠠᠰᠤᠷᠠᠭᠤᠯᠤᠯ ᠤᠨ ᠬᠤᠷᠠᠯ ᠨᠢ ᠭᠤᠤᠯᠳᠠᠭᠤ ᠬᠥᠭᠡᠷᠦᠭᠦᠯᠬᠦ ᠡᠮ ᠤᠨ ᠦᠨᠳᠦᠰᠦᠨ ᠮᠡᠳᠡᠯᠭᠡ᠂ ᠬᠥᠭᠡᠷᠦᠭᠦᠯᠬᠦ ᠡᠮ ᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠣᠨᠴᠠᠭᠠᠶ ᠡᠮ ᠤᠨ  ᠵᠤᠶᠢᠯ ᠢ ᠬᠠᠳᠠᠭᠠᠯᠠᠬᠤ ᠪᠠ ᠬᠡᠷᠡᠭᠯᠡᠬᠦ ᠳᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠡᠮ ᠤᠨ  ᠵᠤᠶᠢᠯ ᠢ ᠡᠵᠡᠩᠨᠡᠬᠦ ᠠᠵᠤ ᠠᠬᠤᠶᠢᠯᠠᠯ ᠯᠤᠭ᠎ᠠ ᠡᠮ ᠤᠨ  ᠵᠤᠶᠢᠯ ᠢ ᠡᠵᠡᠩᠨᠡᠬᠦ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠡᠮ ᠤᠨ ᠵᠤᠶᠢᠯ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠡᠮ ᠤᠨ ᠵᠤᠶᠢᠯ ᠢ ᠬᠡᠷᠡᠭᠯᠡᠬᠦ ᠨᠢᠭᠡᠴᠡ ᠡᠷᠬᠡᠪᠰᠢ ᠡᠮ ᠤᠨ ᠵᠤᠶᠢᠯ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠵᠢᠯ ᠲᠥᠷᠥᠯ ᠤᠨ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠡᠷᠬᠡᠪᠰᠢ ᠬᠠᠷᠢᠶ᠎ᠠ ᠣᠷᠣᠨ ᠤ ᠪᠠᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃    ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠡᠮ ᠤᠨ ᠵᠤᠶᠢᠯ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠴᠢᠳ ᠤᠨ ᠡᠮ ᠤᠨ ᠢᠷᠡᠯᠲᠡ ᠶᠢᠨ ᠴᠢᠨᠠᠷᠲᠠᠶ ᠬᠥᠭᠡᠷᠦᠭᠦᠯᠬᠦ ᠡᠮ ᠤᠨ ᠬᠡᠷᠡᠭ ᠡᠭᠦᠰᠬᠦ ᠶᠢ ᠰᠡᠷᠭᠡᠶᠢᠯᠡᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ  ︾  ᠤ ᠬᠤᠭᠤᠴᠠᠭᠠᠨ ᠳᠠᠬᠢ ᠡᠮ ᠤᠨ  ᠵᠤᠶᠢᠯ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠬᠦ ᠳᠤ ᠢᠳᠡᠪᠬᠢᠲᠡᠶ ᠠᠬᠢᠭᠤᠯᠬᠤ  ᠤᠶᠢᠯᠡᠳᠤᠯ ᠦᠵᠡᠭᠦᠯᠬᠦ ᠬᠡᠷᠡᠭᠲᠡᠶ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2