ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭ᠎ᠠ ᠯᠢᠦ  ᠱᠦ ᠨᠢᠩ᠄ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠨ᠎ᠡ
ᠨᠡᠶᠢᠲᠡᠯᠡᠭᠰᠡᠨ ᠴᠠᠭ᠄
2023/11/13
    ᠯᠢᠦ  ᠱᠦ ᠨᠢᠩ᠂ 2020 ᠣᠨ ᠤ 3 ᠰᠠᠷ᠎ᠠ ᠳᠤ ᠠᠵᠢᠯ ᠳᠤ ᠣᠷᠣᠯᠴᠠᠵᠤ᠂ ᠣᠲᠣ ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠤᠯᠢ ᠲᠦᠷᠢᠮ ᠤᠨ ᠤᠬᠠᠭᠤᠯᠭ᠎ᠠ ᠶᠢᠨ ᠳᠤᠮᠳᠠ ᠠᠩᠭᠢ ᠶᠢᠨ ᠠᠷᠠᠳ ᠤᠨ ᠴᠠᠭᠳᠠᠭ᠎ᠠ ᠪᠠᠶᠢᠵᠤ᠂ ᠭᠤᠤᠯᠳᠠᠭᠤ ᠬᠡᠷᠡᠭ ᠢ  ᠰᠢᠢᠳᠪᠤᠷᠢᠯᠡᠬᠦ ᠵᠢᠴᠢ ᠤᠬᠠᠭᠤᠯᠭ᠎ᠠ ᠶᠢᠨ ᠲᠠᠯ᠎ᠠ ᠶᠢᠨ ᠠᠵᠢᠯ ᠢ ᠬᠠᠷᠢᠭᠤᠴᠠᠵᠤ ᠪᠣᠶ᠃ ᠭᠤᠷᠪᠠᠨ ᠵᠢᠯ ᠤᠨ ᠲᠤᠷᠰᠢ᠂ ᠲᠡᠷᠡ ᠵᠠᠮ ᠬᠠᠷᠢᠯᠴᠠᠭᠠᠨ ᠤ ᠡᠷᠡᠭᠦᠦ ᠶᠢᠨ ᠬᠡᠷᠡᠭ ᠢ 120 ᠭᠠᠷᠤᠢ᠂ ᠵᠠᠰᠠᠭ ᠵᠠᠬᠢᠷᠭᠠᠨ ᠤ ᠬᠡᠷᠡᠭ ᠢ 3000 ᠰᠢᠬᠠᠮ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠡᠯ᠎ᠡ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ 300 ᠤᠳᠠᠭ᠎ᠠ ᠥᠷᠨᠢᠭᠦᠯᠵᠡᠢ᠃
       ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠨᠢ ᠦᠵᠡᠬᠦ ᠳᠤ ᠳᠥᠭᠦᠮᠬᠡᠨ ᠰᠢᠭ ᠪᠣᠯᠪᠠᠴᠤ ᠦᠨᠡᠨ ᠳᠡᠭᠡᠨ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠳᠤ ᠬᠠᠮᠤᠭ ᠠᠴᠠ ᠣᠶᠢᠷᠠᠳᠴᠤ᠂ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠠᠮᠤᠭ ᠠᠴᠠ ᠬᠤᠯᠪᠣᠭᠳᠠᠬᠤ ᠣᠶᠢᠯᠠᠭᠠᠭᠳᠠᠬᠤᠨ ᠤ ᠠᠰᠠᠭᠤᠳᠠᠯ ᠪᠣᠯᠤᠨ᠎ᠠ᠂ ︽ᠠᠮᠤᠷ ᠲᠦᠪᠰᠢᠨ ᠤ ᠤᠬᠠᠮᠰᠠᠷ︾ ᠢ ᠲᠡᠷᠡ ᠶᠣᠰᠣᠭᠠᠷ ᠨᠢ ᠪᠤᠢ ᠪᠣᠯᠭᠠᠬᠤ ᠦᠭᠡᠢ ᠪᠣᠯ ᠲᠤᠭ᠎ᠠ ᠲᠣᠮᠰᠢ ᠦᠭᠡᠢ ᠤᠯᠠᠨ ᠠᠮᠤᠷ ᠲᠦᠪᠰᠢᠨ ᠤ ᠡ᠊ᠨᠳᠡᠯ ᠳᠤ ᠨᠢᠭᠤᠭᠳᠠᠵᠤ ᠪᠠᠶᠢᠭ᠎ᠠ ︽ᠳᠡᠯᠪᠡᠴᠢᠬᠦ ᠪᠥᠮᠪᠦᠭᠡ︾ ᠶᠢ ᠪᠤᠯᠠᠵᠤ᠂ ︽ᠵᠠᠮ ᠬᠠᠷᠢᠯᠴᠠᠭᠠᠨ ᠤ ᠬᠠᠤᠯᠢ ᠲᠣᠭᠲᠠᠭᠠᠯ︾ ᠢ ᠮᠡᠳᠡᠬᠦ ᠦᠭᠡᠢ᠂ ᠵᠢᠷᠤᠮᠯᠠᠬᠤ ᠦᠭᠡᠢ ᠪᠣᠯ ᠲᠤᠭ᠎ᠠ ᠲᠣᠮᠰᠢ ᠦᠭᠡᠢ ᠴᠢᠰᠤᠲᠤ ᠰᠤᠷᠭᠠᠮᠵᠢ ᠶᠢ ᠡᠭᠦᠰᠭᠡᠬᠦ ᠪᠣᠯᠤᠨ᠎ᠠ᠃ ︽ᠵᠠᠮ ᠬᠠᠷᠢᠯᠴᠠᠭᠠᠨ ᠤ ᠤᠬᠠᠭᠤᠯᠤᠭᠴᠢ︾ ᠪᠣᠯᠤᠭᠰᠠᠨ ᠤ ᠬᠤᠪᠢ ᠳᠤ ᠲᠡᠷᠡ ᠪᠣᠯ ᠪᠠᠰᠠ ᠴᠤ ᠨᠢᠭᠡᠨ ᠣᠨᠴᠠᠭᠠᠶ ︽ᠪᠠᠭᠰᠢ︾ ᠮᠥᠨ᠂ ᠲᠡᠭᠦᠨ ᠤ ᠤᠯᠠᠮᠵᠢᠯᠠᠭᠰᠠᠨ ᠶᠣᠰᠣ ᠪᠠ ᠲᠠᠶᠢᠯᠪᠤᠷᠢ ᠶᠢᠨ ᠲᠥᠭᠡᠷᠢᠭᠳᠡᠯ ᠨᠢ ᠴᠥᠮ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ  ᠃
       ᠬᠥᠳᠡᠭᠡ ᠲᠣᠰᠬᠤᠨ ᠤ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠲᠠᠨᠢᠯᠲᠠ ᠨᠡᠯᠢᠶᠡᠳ ᠪᠠᠭᠤᠷᠠᠶ ᠪᠠᠶᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠨᠠᠩ ᠴᠢᠩᠭᠠᠳᠬᠠᠬᠤ ᠴᠢᠬᠤᠯᠠᠲᠠᠶ ᠪᠠᠶᠢᠨ᠎ᠠ᠃ ᠬᠥᠳᠡᠭᠡ ᠲᠣᠰᠬᠤᠨ ᠤ ᠤᠬᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠲᠡᠷᠡ ᠭᠠᠴᠠᠭᠠᠨ ᠤ ᠠᠷᠠᠳ ᠤᠨ ᠵᠥᠪᠯᠡᠯ ᠵᠢᠴᠢ ᠭᠠᠴᠠᠭᠠᠨ ᠤ ᠠᠷᠠᠳ ᠤᠨ ᠴᠤᠭᠯᠠᠷᠠᠯ ᠤᠨ ᠭᠠᠵᠠᠷ ᠵᠡᠷᠭᠡ ᠤᠯᠠᠨ ᠲᠦᠮᠡᠨ ᠤ ᠠᠮᠢᠳᠤᠷᠠᠯ ᠲᠠᠢ ᠬᠠᠮᠤᠭ ᠤᠨ ᠣᠶᠢᠷᠠᠯᠴᠠᠭ᠎ᠠ ᠭᠠᠵᠠᠷ ᠲᠤ ᠥᠷᠭᠡᠨ ᠢᠶᠠᠷ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠬᠤᠣᠷ ᠬᠦᠨᠦᠭᠡᠯᠳᠦ ᠴᠢᠨᠠᠷ ᠵᠢᠴᠢ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠪᠣᠯᠤᠨ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠵᠢᠴᠢ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠠᠳᠡᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠪᠠ᠃    ᠯᠢᠦ  ᠱᠦ ᠨᠢᠩ ᠨᠥᠬᠦᠷ ᠠᠵᠢᠯ᠂ ᠰᠤᠷᠤᠯᠭ᠎ᠠ᠂ ᠠᠮᠢᠳᠤᠷᠠᠯ ᠤᠨ ᠲᠠᠯ᠎ᠠ ᠪᠠᠷ ᠴᠥᠮ ᠠᠷᠠᠳ ᠤᠨ ᠴᠠᠭᠳᠠᠭ᠎ᠠ ᠪᠠ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠪᠡᠶ᠎ᠡ ᠪᠠᠨ ᠬᠢᠵᠠᠭᠠᠷᠯᠠᠵᠤ᠂ ᠥᠪᠡᠷ ᠢ ᠪᠠᠨ ᠬᠡᠮᠵᠢᠳᠡᠭ ᠶᠤᠮ᠃
     ᠬᠠᠤᠯᠢ ᠳᠦ᠋ᠷᠢᠮ ᠤᠨ ᠤᠬᠠᠭᠤᠯᠭ᠎ᠠ ᠶᠢᠨ ᠳᠤᠮᠳᠠ ᠠᠩᠭᠢ ᠶᠢᠨ ᠤᠬᠠᠭᠤᠯᠤᠭᠴᠢ    ᠯᠢ  ᠱᠦ ᠮᠢᠨ    ᠯᠢᠦ  ᠱᠦ ᠨᠢᠩ ᠨᠥᠬᠦᠷ ᠤᠯᠠᠨ ᠲᠦᠮᠡᠨ ᠳᠤ ᠬᠠᠯᠠᠭᠤᠮᠰᠤᠭ ᠨᠠᠶᠢᠷᠰᠠᠭ᠂ ᠠᠵᠢᠯ ᠳᠠᠭᠠᠨ ᠬᠠᠯᠠᠰᠢᠷᠠᠯ ᠦᠭᠡᠢ ᠬᠠᠨᠳᠤᠵᠤ᠂ ᠢᠳᠡᠪᠬᠢᠲᠡᠶ ᠪᠥᠭᠡᠳ ᠨᠠᠷᠢᠨ ᠬᠢᠨᠠᠮᠠᠭᠠᠶ ᠪᠠᠷ ᠬᠠᠷᠢᠭᠤᠴᠠᠳᠠᠭ᠂ ᠡᠨᠡ ᠪᠣᠯ ᠪᠢᠳᠡᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ    ᠬᠡᠷᠪᠡ ᠠᠵᠢᠯ ᠤᠨ ᠳᠤᠮᠳᠠ ᠪᠠᠨ ᠥᠪᠡᠷ ᠤᠨ ᠦᠨ᠎ᠡ ᠦᠷᠳᠡᠭ ᠢᠶᠠᠨ ᠪᠡᠶᠡᠯᠡᠭᠦᠯᠦᠶ᠎ᠡ ᠭᠡᠪᠡᠯ ᠡᠷᠬᠡᠪᠰᠢ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠡᠷᠡᠰ ᠪᠠᠲᠤ ᠵᠣᠷᠢᠭ ᠰᠠᠨᠠᠭᠠᠨ ᠤ ᠢᠲᠡᠭᠡᠯ ᠪᠢᠰᠢᠷᠡᠯ ᠢᠶᠠᠷ ᠥᠪᠡᠷ ᠢ ᠪᠠᠨ ᠵᠡᠪᠰᠡᠭᠯᠡᠬᠦ ᠬᠡᠷᠡᠭᠲᠡᠢ ᠭᠡᠳᠡᠭ ᠢ ᠯᠢᠦ  ᠱᠦ ᠨᠢᠩ ᠭᠦᠨᠵᠡᠭᠡᠢ ᠣᠶᠢᠯᠠᠭᠠᠵᠠᠢ᠃ ᠲᠡᠷᠡ ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠠᠤᠯᠢ ᠳᠦᠷᠢᠮ ᠤᠨ ᠤᠬᠠᠭᠤᠯᠭ᠎ᠠ ᠶᠢᠨ ᠳᠤᠮᠳᠠ ᠠᠩᠭᠢ ᠳᠤ ᠤᠷᠤᠭᠰᠠᠨ ᠠᠴᠠ ᠪᠠᠨ ᠠᠪᠤᠭᠠᠳ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤᠳᠬᠠᠵᠤ᠂ ᠲᠡᠷᠡ ᠵᠣᠷᠢᠭᠲᠠᠢ ᠪᠠᠷ ᠦᠨᠳᠦᠰᠦᠨ ᠱᠠᠲᠤᠨ ᠤ ᠲᠣᠭᠲᠠᠭᠤᠨ ᠢ ᠬᠠᠮᠠᠭᠠᠯᠠᠬᠤ ᠨᠢᠭᠡᠳᠦᠭᠡᠷ ᠹᠷᠣᠨᠲ ᠲᠤ ᠬᠦᠷᠴᠦ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠲᠤ ᠬᠦᠷᠴᠦ᠂ ᠰᠡᠳᠬᠢᠯ ᠰᠢᠭᠤᠳᠤᠨ ᠬᠦᠴᠢᠷ ᠵᠣᠪᠠᠭᠤᠷᠢ ᠶᠢ ᠡᠭᠦᠷᠭᠡᠯᠡᠵᠦ᠂ ᠬᠦᠴᠢᠷ ᠪᠡᠷᠬᠡ ᠶᠢ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠠᠶᠤᠯ ᠲᠦᠭᠰᠢᠭᠦᠷᠢ ᠶᠢ ᠡᠭᠦᠷᠭᠡᠯᠡᠵᠦ᠂ ᠠᠵᠢᠯ ᠤᠨ ᠳᠤᠮᠳᠠ ᠪᠠᠨ ᠲᠠᠰᠤᠷᠠᠯᠲᠠ ᠦᠭᠡᠢ ᠵᠢᠩᠬᠢᠨᠢ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠵᠢᠩᠬᠢᠨᠢ ᠲᠤᠷᠰᠢᠯᠭ᠎ᠠ ᠶᠢ ᠬᠤᠷᠠᠮᠳᠤᠭᠤᠯᠵᠤ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠭᠰᠡᠨ ᠦᠭᠡᠢ ᠶᠤᠮ᠃  2021 ᠣᠨ ᠳᠤ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ︽ᠵᠢᠷᠤᠮᠵᠢᠭᠰᠠᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠵᠢᠱᠢᠶᠡᠴᠢ︾ ᠪᠠᠷ ᠦᠨᠡᠯᠡᠭᠳᠡᠪᠡ︔ 2022 ᠣᠨ ᠤ 3 ᠰᠠᠷ᠎ᠠ ᠳᠤ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠳᠤ ︽2021 ᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠤᠨ ᠲᠡᠷᠢᠭᠦᠨ ᠤ ᠠᠵᠢᠯᠲᠠᠨ︾ ᠢᠶᠠᠷ ᠦᠨᠡᠯᠡᠭᠳᠡᠪᠡ᠃    ᠬᠠᠤᠯᠢ ᠳᠦᠷᠢᠮ ᠤᠨ ᠤᠬᠠᠭᠤᠯᠭ᠎ᠠ ᠶᠢᠨ ᠳᠤᠮᠳᠠ ᠠᠩᠬᠢ ᠶᠢᠨ ᠳᠠᠷᠤᠭ᠎ᠠ    ᠯᠢᠦ  ᠱᠦ ᠨᠢᠩ    ᠳᠠᠷᠠᠭᠠᠴᠢ ᠶᠢᠨ ᠠᠯᠬᠤᠮ ᠳᠤ᠂ ᠪᠢ ᠥᠪᠡᠷ ᠤᠨ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ ᠂ ᠳᠤᠮᠳᠠ ᠠᠩᠬᠢ ᠶᠢᠨ ᠬᠥᠮᠦᠰ ᠢ ᠳᠠᠭᠠᠭᠤᠯᠤᠨ ᠡᠳᠦᠷ ᠳᠤᠳᠤᠮ ᠤᠨ ᠬᠡᠷᠡᠭ ᠢ ᠰᠢᠢᠳᠪᠦᠷᠢᠯᠡᠬᠦ ᠵᠢᠴᠢ ᠵᠠᠮ ᠬᠠᠷᠢᠯᠴᠠᠭᠠᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2