ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠯᠢᠶᠠᠩᠴᠧᠩ ᠰᠢᠶᠠᠨ ᠤ ᠤᠷᠤᠯᠳᠤᠭᠠᠨ ᠤ ᠲᠣᠭᠤᠷᠢᠭ ᠲᠤ ᠬᠦᠷᠴᠦ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾  ᠤ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/11/13
   11 ᠰᠠᠷ᠎ᠠ ᠶᠢᠨ 13 ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠬᠤᠸᠠᠩ ᡁᠢ ᠶᠦᠩ᠂ ᠯᠢ ᠶᠠᠩ ᠨᠠᠷ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠯᠢᠶᠠᠩᠴᠧᠩ ᠰᠢᠶᠠᠨ ᠤ ᠤᠷᠤᠯᠳᠤᠭᠠᠨ ᠤ ᠲᠣᠭᠤᠷᠢᠭ ᠲᠤ ᠬᠦᠷᠴᠦ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠪᠡᠯᠡᠳᠬᠡᠯ ᠠᠵᠢᠯ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠳᠡᠳ᠋ ᠳᠠᠷᠤᠭ᠎ᠠ ᠯᠢ ᡁᠢ ᠶᠢᠦ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ  ᠱᠦ ᠸᠧᠶ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠬᠤᠤ  ᠸᠧᠨ ᠶᠤᠸᠠᠢ᠂ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠳ᠋ᠠᠶ ᠵᠢᠶᠠᠨ ᠵᠥᠩ᠂ ᠵᠧᠩ ᠶᠠᠨ ᠹᠠᠩ  ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠬᠤᠷᠠᠯ ᠳᠤ ᠣᠷᠣᠯᠴᠠᠵᠠᠶ᠃
        ᠲᠠᠭ᠎ᠠ ᠶᠢᠨ ᠨᠠᠭᠤᠷ ᠤᠨ ᠴᠠᠰᠤᠨ ᠳᠤ ᠭᠤᠯᠭᠤᠬᠤ ᠲᠠᠯᠠᠪᠠᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠤᠯᠳᠤᠭᠠᠨ ᠤ ᠵᠠᠮ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠲᠠᠯᠠᠪᠠᠢ ᠶᠢᠨ ᠲᠥᠬᠦᠭᠡᠷᠦᠮᠵᠢ᠂ ᠠᠮᠤᠷ ᠲᠦᠪᠰᠢᠨ ᠤ ᠬᠠᠮᠠᠭᠠᠯᠠᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠠᠢ᠃ ᠡᠭᠦᠨ ᠤ ᠵᠡᠷᠭᠡ ᠳᠤ ᠪᠠᠰᠠ ᠠᠮᠤᠷ ᠢ ᠬᠠᠮᠠᠭᠠᠯᠠᠬᠤ ᠠᠵᠢᠯ ᠤᠨ ᠵᠢᠯᠣᠭᠤᠳᠬᠤ ᠭᠠᠵᠠᠷ᠂ ᠫᠤᠤ ᠰᠤᠮᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠷᠤᠯᠳᠤᠭᠠᠨ ᠤ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠤᠷᠤᠯᠳᠤᠭᠠᠨ ᠳᠤ ᠣᠷᠣᠯᠴᠠᠭᠰᠠᠳ ᠤᠨ ᠪᠡᠶ᠎ᠡ ᠶᠢᠨ ᠠᠮᠤᠷ ᠲᠦᠪᠰᠢᠨ ᠪᠣᠯᠤᠨ ᠤᠷᠤᠯᠳᠤᠭᠠᠨ ᠤ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠶ᠃
      ᠶᠠᠷᠢᠯᠴᠠᠬᠤ ᠬᠤᠷᠠᠯ ᠳᠡᠭᠡᠷ᠎ᠡ᠂ ᠵᠧᠩ ᠳ᠋ᠦᠩ ᠫᠢᠩ ᠯᠢᠶᠠᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠤᠸᠠᠩ ᡁᠢ ᠶᠦᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠤᠷᠤᠯᠳᠤᠭᠠᠨ ᠢ ᠵᠣᠬᠢᠶᠠᠨ ᠪᠠᠶᠢᠭᠤᠯᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠤᠯᠳᠤᠭᠠᠨ ᠤ ᠶᠠᠪᠤᠴᠠ ᠶᠢ ᠰᠢᠯᠢᠳᠡᠭᠵᠢᠭᠦᠯᠦᠨ᠂ ᠡᠯ᠎ᠡ  ᠵᠤᠶᠢᠯ ᠤᠨ ᠤᠷᠤᠯᠳᠤᠭᠠᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ︔ ᠤᠷᠤᠯᠳᠤᠭᠠᠨ ᠤ ᠶᠠᠪᠤᠳᠠᠯ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠤᠷᠤᠯᠳᠤᠭᠠᠨ ᠤ ᠶᠠᠪᠤᠳᠠᠯ ᠢᠶᠠᠷ ᠳᠠᠮᠵᠢᠭᠤᠯᠤᠨ ᠨᠡᠩ ᠤᠯᠠᠨ ᠪᠡᠯᠡ ᠣᠷᠣᠭᠤᠯᠤᠯᠲᠠ ᠪᠠ ᠬᠡᠷᠡᠭᠯᠡᠭᠡ ᠶᠢ ᠲᠠᠳᠠᠨ ᠠᠪᠴᠢᠷᠠᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ  ᠭᠡᠵᠠᠢ᠃    ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠡᠯ᠎ᠡ ᠠᠵᠢᠯ ᠤᠨ ᠳᠤᠭᠤᠶᠢᠯᠠᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠬᠤᠷᠠᠯ ᠳᠤ ᠣᠷᠣᠯᠴᠠᠵᠠᠶ                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2