︵2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ︶ | ᠳᠥᠷᠪᠡᠳᠦᠭᠡᠷ ᠪᠦᠯᠦᠭ ᠰᠣᠶᠣᠯ ᠤᠨ ᠪᠠᠶᠢᠭᠤᠯᠤᠯᠲᠠ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠮᠠᠷᠺᠰ ᠤᠨ ᠦᠵᠡᠯ ᠤᠨ ᠭᠤᠤᠯ | ᠦᠨᠳᠦᠰᠦᠯᠡᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ | ᠴᠢᠨᠠᠷᠲᠠᠶ ᠪᠠᠷ ᠬᠥᠭᠵᠢᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠶ ᠮᠡᠳᠡᠷᠡᠮᠵᠢ ᠶᠢ | ᠨᠡᠮᠡᠭᠳᠡᠭᠦᠯᠦᠨ᠎ᠡ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠪᠣᠯᠤᠨ ᠳᠤᠮᠳᠠᠳᠤ ᠶᠢᠨ ᠪᠣᠯᠪᠠᠰᠤᠨ ᠤ ᠣᠯᠠᠨ ᠡᠰᠢᠲᠦ ᠨᠢᠭᠡ ᠴᠤᠭᠴᠠᠵᠢᠭᠰᠠᠨ | ᠪᠠᠶᠢᠷᠢᠰᠢᠯ ᠢ ᠣᠨᠣᠪᠴᠢᠲᠠᠶ ᠲᠠᠨᠢᠭᠤᠯᠵᠤ᠂ ᠳᠤᠮᠳᠠᠳᠤ ᠶᠢᠨ ᠰᠣᠶᠣᠯ ᠪᠣᠯ ᠭᠤᠤᠯ ᠭᠤᠣᠯ᠂ | ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠮᠥᠴᠢᠷ ᠤᠨ ᠬᠠᠷᠢᠴᠠᠭ᠎ᠠ ᠪᠣᠯᠬᠤ ᠶᠢ ᠣᠨᠣᠪᠴᠢᠲᠠᠶ | ᠡᠵᠡᠮᠰᠢᠭᠦᠯᠵᠦ᠂ ᠡᠯ᠎ᠡ ᠦᠨᠳᠦᠰᠦᠲᠡᠨ ᠤ ᠬᠠᠮᠲᠤᠪᠠᠷ ᠡᠳᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠶ ᠪᠣᠯᠭᠠᠬᠤ ᠪᠠ ᠲᠣᠪᠤᠶᠢᠯᠭᠠᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠥᠮᠦᠰ ᠤᠨ ᠰᠡᠳᠬᠢᠯ ᠲᠥᠪᠯᠡᠷᠡᠵᠦ᠂ ᠣᠶᠤᠨ ᠰᠠᠨᠠᠭᠠᠨ ᠤ | ᠬᠠᠷᠢᠯᠴᠠᠨ ᠲᠦᠰᠢᠯᠴᠡᠬᠦ ᠶᠢ ᠠᠬᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ | ᠬᠤᠪᠢᠰᠬᠠᠯ ᠤᠨ ᠲᠡᠤᠬᠡ ᠶᠢᠨ ᠲᠥᠷᠥᠯ ᠤᠨ ᠳᠤᠷᠠᠰᠬᠠᠯ ᠤᠨ ᠲᠥᠬᠦᠭᠡᠷᠦᠮᠵᠢ᠂ ᠪᠠᠭᠤᠷᠢ ᠪᠠ ᠡᠬᠡ ᠣᠷᠣᠨᠴᠢ | ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠠᠴᠢᠶᠠᠯᠠᠪᠤᠷᠢ ᠳᠤ ᠲᠦᠰᠢᠭᠯᠡᠨ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠭᠠᠵᠠᠷ ᠣᠷᠣᠨ ᠳᠠᠬᠢ ᠲᠡᠤᠬᠡ ᠶᠢ ᠭᠦᠨᠵᠡᠭᠡᠶ ᠰᠤᠳᠤᠯᠤᠨ ᠡᠮᠬᠢᠯᠡᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠤᠬᠡ ᠶᠢ ᠮᠡᠳᠡᠵᠦ ᠨᠠᠮ ᠢᠶᠠᠨ ᠬᠠᠶᠢᠷᠠᠯᠠᠬᠤ᠂ ᠲᠡᠤᠬᠡ ᠶᠢ ᠮᠡᠳᠡᠵᠦ | ᠤᠯᠤᠰ ᠢᠶᠠᠨ ᠬᠠᠶᠢᠷᠠᠯᠠᠬᠤ ᠶᠢ ᠬᠥᠲᠥᠯᠥᠨ ᠵᠢᠯᠣᠭᠤᠳᠴᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ | ᠨᠡᠶᠢᠭᠡᠮ ᠵᠢᠷᠤᠮ ᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ | ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠪᠠᠳᠠᠷᠠᠭᠤᠯᠵᠤ᠂ ᠲᠡᠦᠬᠡ ᠰᠣᠶᠣᠯ ᠤᠨ ᠡᠬᠢ | ᠪᠠᠶᠠᠯᠢᠭ ᠢ ᠭᠦᠢᠴᠡᠳ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ | ᠤᠮᠠᠷᠠᠲᠤ ᠶᠢᠨ ᠵᠣᠷᠢᠭ ᠰᠠᠨᠠᠭ᠎ᠠ︾ ᠶᠢ ᠬᠠᠮᠲᠤ ᠪᠠᠷ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠦᠨᠳᠦᠰᠦᠨ ᠠᠭᠤᠯᠭ᠎ᠠ ᠪᠣᠯᠭᠠᠭᠰᠠᠨ ︽ᠤᠮᠠᠷᠠᠲᠤ ᠬᠢᠯᠢ ᠶᠢᠨ | ᠰᠣᠶᠣᠯ︾ ᠤᠨ ᠲᠦᠷᠦᠯ ᠲᠡᠮᠳᠡᠭ ᠢ ᠡᠭᠦᠳᠦᠨ᠎ᠡ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠬᠤ ᠶᠢ ᠠᠬᠢᠭᠤᠯᠵᠤ᠂ ᠰᠣᠶᠣᠯ ᠤᠨ ᠥᠪ ᠤᠨ ᠡᠭᠦᠷᠭᠡᠯᠡᠵᠦ ᠪᠠᠶᠢᠭ᠎ᠠ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠰᠣᠳᠣᠨ ᠪᠦᠲᠦᠭᠡᠯ ᠢ ᠭᠦᠢᠴᠡᠳ ᠠᠭᠤᠳᠠᠯᠵᠤ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠡᠭᠦᠷᠭᠡᠯᠡᠵᠦ ᠪᠦᠬᠦᠢ ᠥᠷᠲᠡᠭ ᠤᠨ ᠲᠡᠮᠳᠡᠭ ᠪᠣᠯᠤᠨ ᠰᠣᠶᠣᠯ ᠤᠨ | ᠪᠦᠲᠦᠭᠡᠭᠳᠡᠬᠦᠨ ᠢ ᠨᠡᠩ ᠣᠯᠠᠨ ᠤᠯᠠᠮᠵᠢᠯᠠᠬᠤ ᠬᠡᠷᠡᠭᠲᠡᠶ᠃ | ᠭᠤᠴᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ | ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ | ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ | ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠬᠦᠷᠢᠶᠡᠨ ᠤ ᠰᠣᠶᠣᠯ᠂ ᠠᠵᠤ ᠠᠬᠤᠶᠢᠯᠠᠯ ᠤᠨ ᠰᠣᠶᠣᠯ᠂ ᠬᠥᠳᠡᠭᠡ ᠲᠣᠰᠬᠤᠨ ᠤ ᠰᠣᠶᠣᠯ᠂ | ᠰᠦᠯᠵᠢᠶᠡᠨ ᠤ ᠰᠣᠶᠣᠯ ᠵᠡᠷᠭᠡ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠨ ᠦᠢᠯᠡᠰ᠂ ᠰᠣᠶᠣᠯ ᠤᠨ ᠠᠵᠤ | ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠲᠠᠪᠤᠳᠤᠭᠠᠷ ᠪᠦᠯᠦᠭ ᠨᠡᠶᠢᠭᠡᠮ ᠤᠨ ᠪᠠᠶᠢᠭᠤᠯᠤᠯᠲᠠ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠶᠢᠭᠡᠮ ᠤᠨ ᠦᠢᠯᠡᠰ ᠢ ᠬᠥᠭᠵᠢᠭᠦᠯᠵᠦ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠲᠡᠰᠢ ᠤᠷᠤᠭᠰᠢᠯᠠᠬᠤ ᠶᠢ ᠠᠬᠢᠭᠤᠯᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ | ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠪᠠ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠦᠢᠯ ᠤᠨ | ᠣᠨᠣᠪᠴᠢᠲᠠᠶ ᠪᠠᠷ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠤᠯᠲᠠ ᠪᠠᠷ ᠳᠠᠭᠠᠭᠠᠨ ᠲᠡᠳᠬᠦᠬᠦ ᠶᠢ | ᠴᠢᠩᠭᠠᠷᠠᠭᠤᠯᠤᠨ᠂ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ | ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠰᠤᠷᠭᠠᠨ | ᠬᠥᠮᠦᠵᠢᠯ ᠤᠨ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣ᠂ ᠨᠡᠶᠢᠲᠡ ᠴᠣᠭᠴᠠ ᠶᠢᠨ | ᠵᠥᠷᠢᠶ᠎ᠡ ᠶᠢ ᠪᠠᠭᠠᠰᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠪᠠᠷ | ᠬᠥᠭᠵᠢᠬᠦ ᠶᠢ ᠲᠦᠯᠬᠢᠨ ᠠᠬᠢᠭᠤᠯᠵᠤ᠂ ᠲᠣᠭᠠᠵᠢᠭᠤᠯᠤᠭᠰᠠᠨ ᠰᠤᠷᠭᠠᠨ ᠬᠥᠮᠦᠵᠢᠯ ᠢ ᠲᠦᠯᠬᠢᠨ ᠠᠬᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠡᠷᠡᠭᠴᠡᠬᠦ ᠨᠡᠩ ᠣᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ | ᠬᠥᠮᠦᠵᠢᠭᠦᠯᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠤᠯᠪᠣᠭᠠᠯᠠᠨ ᠬᠥᠭᠵᠢᠬᠦ ᠶᠢ | ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ | ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯ ᠢ ᠠᠬᠢᠭᠤᠯᠵᠤ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ | ᠰᠦᠯᠵᠢᠶᠡᠨ ᠤ ᠡᠮᠴᠢᠯᠡᠭᠡ ᠡᠷᠡᠭᠦᠯ ᠮᠡᠨᠳᠦ︾ ᠶᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠦᠨᠳᠦ | ᠡᠪᠡᠳᠴᠢᠨ ᠤ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠠᠰ | ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠡᠮᠬᠢ ᠵᠢᠷᠤᠮ ᠲᠠᠢ ᠵᠣᠯᠭᠠᠯᠳᠤᠬᠤ ᠶᠢ ᠠᠬᠢᠭᠤᠯᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠠᠰᠤᠵᠢᠯ ᠤᠨ ᠠᠰᠠᠷᠠᠮᠵᠢ ᠶᠢᠨ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠤ | ᠦᠢᠯᠡᠰ ᠢ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠬᠦᠯᠥᠨ᠂ ᠨᠡᠶᠢᠭᠡᠮ ᠲᠣᠭᠤᠷᠢᠭ ᠤᠨ ᠨᠠᠰᠤᠲᠠᠳ ᠲᠤ ᠳᠣᠭᠢᠷᠬᠠᠰᠠᠨ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠢ ᠬᠥᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢᠨ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠨᠠᠰᠤᠲᠠᠳ ᠲᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠬᠦᠷᠲᠡᠭᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ ᠨᠡᠶᠢᠭᠡᠮ ᠤᠨ ᠪᠠᠲᠤᠯᠠᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠶᠢ ᠰᠠᠶᠢᠲᠤᠷ ᠬᠢᠬᠦ ᠬᠡᠷᠡᠭᠲᠡᠶ᠃ ᠡᠯ᠎ᠡ ᠵᠦᠢᠯ ᠤᠨ ᠲᠡᠩᠬᠡᠷᠡᠭᠦᠯᠦᠨ ᠲᠤᠰᠠᠯᠠᠬᠤ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠭᠡᠨᠡᠳᠲᠡ ᠶᠢᠨ | ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ | ᠲᠡᠩᠬᠡᠷᠡᠭᠦᠯᠦᠨ ᠲᠤᠰᠠᠯᠠᠬᠤ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ | ᠬᠤᠴᠣᠷᠤᠭᠰᠠᠨ ᠬᠡᠤᠬᠡᠳ᠂ ᠡᠮᠡᠭᠲᠡᠶᠢᠴᠦᠳ᠂ ᠨᠠᠰᠤᠲᠠᠨ᠂ ᠵᠡᠮᠳᠡᠭᠴᠦᠳ ᠵᠢᠴᠢ ᠬᠤᠲᠠ ᠶᠢᠨ ᠬᠦᠴᠢᠷᠳᠡᠯᠲᠡᠶ ᠣᠯᠠᠨ | ᠲᠦᠮᠡᠨ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯᠲᠡᠶ ᠬᠥᠮᠦᠰ ᠢ ᠬᠠᠪᠰᠤᠷᠤᠨ | ᠲᠡᠳᠬᠦᠵᠦ ᠲᠡᠩᠬᠡᠷᠡᠭᠦᠯᠦᠨ ᠲᠤᠰᠠᠯᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠤᠨ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ | ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ | ᠲᠡᠭᠦᠯᠳᠡᠷᠵᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ | ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾᠂ ︽ᠫᠦᠵᠢᠶᠠᠩ ᠮᠥᠷᠡᠨ ᠤ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠂ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ | ᠦᠭᠡᠢ ᠨᠡᠪᠲᠡᠷᠡᠭᠦᠯᠦᠨ ᠵᠢᠷᠤᠮᠵᠢᠭᠤᠯᠤᠨ᠎ᠠ᠃ | ᠳᠥᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠢᠯᠢ ᠶᠢᠨ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠢᠯᠢ ᠳᠠᠭᠠᠤ | ᠭᠠᠵᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠪᠣᠯᠤᠨ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠲᠣᠭᠠᠴᠢᠯᠠᠭᠰᠠᠨ ᠬᠢᠯᠢ ᠶᠢᠨ | ᠬᠠᠮᠠᠭᠠᠯᠠᠯᠲᠠ︾᠂ ︽ᠤᠶᠤᠨᠲᠤ ᠬᠢᠯᠢ ᠶᠢᠨ ᠬᠠᠮᠠᠭᠠᠯᠠᠯᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | | ᠵᠢᠷᠭᠤᠳᠤᠭᠠᠷ ᠪᠦᠯᠦᠭ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠳᠥᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ | ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ | ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠪᠣᠬᠢᠷᠲᠤᠯ ᠦᠭᠡᠢ ᠬᠥᠭᠵᠢᠯᠲᠡ᠂ ᠡᠷᠬᠢᠯᠳᠡᠳᠦ ᠬᠥᠭᠵᠢᠯᠲᠡ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠠᠮᠢ ᠠᠬᠤᠢ ᠶᠢᠨ | ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠴᠢᠩᠭ᠎ᠠ | ᠬᠡᠷᠡᠭᠵᠢᠭᠦᠯᠵᠦ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠶᠢᠨ ᠣᠷᠣᠨ ᠵᠠᠶ ᠪᠣᠯᠤᠨ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠢ ᠠᠵᠤ ᠠᠬᠤᠶ ᠶᠢᠨ ᠪᠦᠲᠦᠴᠡ ᠳᠤ | ᠲᠣᠬᠢᠷᠠᠭᠤᠯᠤᠯᠲᠠ ᠬᠢᠬᠦ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠠᠬᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠠᠭᠠᠨ ᠱᠤᠭᠤᠮ ᠪᠣᠯᠭᠠᠬᠤ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠤᠰᠤ ᠪᠠᠷ | ᠭᠠᠵᠠᠷ ᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ | ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠴᠢᠩᠭ᠎ᠠ ᠬᠠᠮᠠᠭᠠᠯᠠᠵᠤ᠂ ᠰᠢᠨᠵᠢᠯᠡᠬᠦ | ᠤᠬᠠᠭᠠᠨᠴᠢ ᠪᠠᠷ ᠠᠰᠢᠭᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠨ᠂ ᠠᠮᠢᠳᠤᠷᠠᠯ᠂ ᠦᠢᠯᠡᠳᠪᠦᠷᠢᠯᠡᠯ᠂ ᠠᠮᠢ | ᠠᠬᠤᠶ ᠶᠢᠨ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠵᠦ᠂ ᠤᠰᠤᠨ ᠤ ᠠᠶᠤᠯ ᠦᠭᠡᠶ ᠪᠥᠭᠡᠳ ᠪᠦᠲᠦᠮᠵᠢᠲᠡᠶ | ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ᠂ ᠤᠰᠤᠨ ᠤ ᠠᠮᠢ ᠠᠬᠤᠶ ᠶᠢ | ᠢᠯᠡᠷᠬᠡᠶ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠬᠠᠲᠤᠨ ᠭᠤᠤᠯ ᠤᠨ ᠰᠠᠪᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠭᠤᠤᠯ | ᠤᠷᠤᠰᠬᠠᠯ᠂ ᠭᠤᠤᠯ ᠰᠠᠯᠪᠤᠷᠢ ᠤᠷᠤᠰᠬᠠᠯ᠂ ᠭᠤᠤᠯᠳᠠᠯᠭ᠎ᠠ ᠲᠠᠢ ᠨᠠᠭᠤᠷ ᠴᠥᠭᠦᠷᠥᠮ ᠢ ᠬᠠᠮᠠᠭᠠᠯᠠᠬᠤ ᠪᠠ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠠᠷᠪᠠᠨ ᠶᠡᠭᠡ ᠬᠦᠨᠳᠡᠶ ᠵᠡᠷᠭᠡ ᠬᠠᠲᠤᠨ ᠭᠤᠤᠯ ᠤᠨ ᠳᠣᠪᠣᠷᠬᠠᠭ ᠭᠤᠤ ᠳᠠᠭᠠᠤ ᠶᠢᠨ | ᠣᠷᠣᠨ ᠳᠤ ᠭᠤᠤᠯᠳᠠᠯᠭ᠎ᠠ ᠲᠠᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠬᠠᠲᠤᠨ ᠭᠤᠤᠯ ᠤᠨ ᠬᠤᠶᠠᠷ | ᠡᠷᠭᠢ ᠶᠢᠨ ᠣᠶ ᠰᠢᠭᠤᠶ ᠡᠪᠡᠰᠦ ᠪᠡᠯᠴᠢᠭᠡᠷ ᠢ ᠰᠡᠷᠭᠡᠶᠢᠯᠡᠨ ᠬᠠᠮᠠᠭᠠᠯᠠᠬᠤ ᠰᠢᠰᠲ᠋ᠧᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠬᠠᠲᠤᠨ ᠭᠤᠤᠯ ᠤᠨ ᠲᠠᠩ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠠᠬᠢᠭᠤᠯᠵᠤ᠂ | ᠬᠠᠲᠤᠨ ᠭᠤᠤᠯ ᠤᠨ ᠠᠮᠤᠷ ᠲᠦᠪᠰᠢᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ | ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ | ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷᠠᠬᠢ ᠨᠤᠲᠤᠭ ᠪᠡᠯᠴᠢᠭᠡᠷ ᠳᠡᠭᠡᠷ᠎ᠡ ᠨᠡᠭᠦᠷᠡᠰᠦ ᠵᠡᠷᠭᠡ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠢ ᠲᠥᠯᠥᠪᠵᠢᠭᠦᠯᠬᠦ ᠶᠢ ᠴᠠᠭᠠᠵᠠᠯᠠᠨ᠎ᠠ︔ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠣᠭᠲᠠᠭᠠᠵᠤ᠂ ᠨᠤᠲᠤᠭ ᠪᠡᠯᠴᠢᠭᠡᠷ ᠢ ᠮᠠᠯᠵᠢᠬᠤ ᠶᠢ ᠰᠡᠷᠭᠡᠶᠢᠯᠡᠬᠦ ᠬᠡᠷᠡᠭᠲᠡᠶ ᠨᠤᠲᠤᠭ | ᠪᠡᠯᠴᠢᠭᠡᠷ ᠤᠨ ᠠᠮᠢ ᠠᠬᠤᠶ ᠳᠤ ᠨᠥᠬᠦᠪᠥᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠰᠢᠰᠲ᠋ᠧᠮ ᠲᠠᠢ ᠵᠠᠰᠠᠬᠤ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠶ ᠲᠠᠢ | ᠭᠠᠵᠠᠷ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠶᠢᠨ | ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠂ ᠪᠠᠶᠢᠭᠠᠯᠢ ᠶᠢᠨ ᠣᠶ ᠶᠢ ᠪᠦᠬᠦ ᠲᠠᠯ᠎ᠠ ᠪᠠᠷ ᠬᠠᠮᠠᠭᠠᠯᠠᠬᠤ | ᠳᠦᠷᠢᠮ ᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠶᠠᠰᠤ ᠴᠢᠨᠠᠷ ᠪᠣᠯᠤᠨ ᠠᠮᠢ ᠠᠬᠤᠶ ᠶᠢᠨ | ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠦᠨ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠡ ᠪᠠᠷ | ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠠᠯᠬᠠᠪᠴᠢ ᠣᠶ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠶ ᠰᠢᠭᠤᠶ ᠪᠤᠶᠢᠵᠢᠭᠤᠯᠬᠤ ᠪᠠ ᠮᠠᠭᠤᠵᠢᠷᠠᠭᠰᠠᠨ | ᠣᠶ ᠶᠢ ᠰᠡᠷᠭᠦᠭᠡᠬᠦ ᠶᠢ ᠴᠢᠩᠭᠠᠳᠬᠠᠨ᠂ ᠣᠶ ᠰᠢᠭᠤᠶ ᠶᠢᠨ ᠪᠦᠲᠦᠴᠡ ᠶᠢ ᠰᠢᠯᠢᠳᠡᠭᠵᠢᠭᠦᠯᠵᠦ᠂ ᠣᠶ ᠰᠢᠭᠤᠶ ᠶᠢᠨ | ᠡᠬᠢ ᠪᠠᠶᠠᠯᠢᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠭᠤᠤᠯ ᠮᠥᠷᠡᠨ ᠨᠠᠭᠤᠷ ᠴᠥᠭᠦᠷᠥᠮ ᠤᠨ | ᠨᠤᠭᠤ ᠭᠠᠵᠠᠷ ᠢ ᠠᠮᠠᠷᠠᠭᠤᠯᠤᠨ ᠰᠡᠷᠭᠦᠭᠡᠬᠦ ᠶᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠤᠰᠤ | ᠠᠪᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠰᠤ | ᠨᠥᠬᠦᠪᠥᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠤᠭᠤ ᠭᠠᠵᠠᠷ ᠤᠨ | ᠲᠠᠯᠠᠪᠠᠶ ᠶᠢᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠲᠦᠷᠢᠮ ᠪᠠ ᠭᠤᠤᠯ ᠮᠥᠷᠡᠨ ᠤ ᠵᠠᠰᠠᠭ ᠵᠠᠬᠢᠷᠭᠠᠨ ᠤ | ᠣᠷᠣᠨ ᠠᠯᠤᠰᠯᠠᠭᠰᠠᠨ ᠣᠭᠲᠣᠯᠤᠭᠠᠰᠤ ᠶᠢ ᠲᠤᠰᠢᠶᠠᠬᠤ ᠪᠠ ᠭᠥᠯᠢᠶᠡᠨ ᠠᠪᠬᠤ ᠲᠦᠷᠢᠮ ᠢ ᠬᠡᠷᠡᠭᠵᠢᠭᠦᠯᠦᠨ᠂ | ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ ᠶᠢᠨ ᠵᠠᠰᠠᠯᠲᠠ ᠶᠢ | ᠨᠢᠭᠡᠳᠦᠯᠲᠡᠶ ᠲᠥᠯᠥᠪᠯᠡᠵᠦ᠂ ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠭᠤᠤᠯ ᠮᠥᠷᠡᠨ | ᠨᠠᠭᠤᠷ ᠴᠥᠭᠦᠷᠥᠮ ᠤᠨ ᠨᠤᠭᠤ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠰᠠᠪᠠ | ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ᠳᠥᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠬᠦᠴᠦ ᠪᠠᠨ ᠲᠥᠪᠯᠡᠷᠡᠭᠦᠯᠦᠨ | ᠭᠤᠤᠯᠳᠠᠯᠭ᠎ᠠ ᠲᠠᠢ ᠭᠠᠵᠠᠷ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠠᠪᠤᠳᠠᠯ ᠢ | ᠥᠷᠨᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠠᠬᠢᠯᠡᠯᠲᠡ ᠳᠠᠭᠠᠷᠢᠬᠤ ᠳᠠᠶᠢᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠬᠥᠨᠥᠭᠡᠯ ᠳᠤ ᠲᠣᠬᠢᠷᠠᠭᠤᠯᠤᠨ ᠰᠡᠷᠭᠡᠶᠢᠯᠡᠬᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠲᠤᠨ | ᠭᠤᠤᠯ ᠤᠨ ︽ᠬᠡᠳᠦᠨ ᠦᠰᠦᠭ ᠢᠶᠠᠷ ᠤᠷᠤᠰᠢᠬᠤ︾ ᠪᠠᠬᠢᠯᠡᠯᠲᠡ ᠳᠠᠭᠠᠷᠢᠬᠤ ᠳᠠᠶᠢᠯᠠᠯᠳᠤᠭᠠᠨ᠂ ᠬᠤᠷᠴᠢᠨ ᠪᠠ | ᠬᠤᠯᠠᠨ ᠰᠢᠷᠭ᠎ᠠ ᠳᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠡᠷᠡᠰ ᠰᠠᠶᠢᠲᠤᠷ ᠬᠢᠵᠦ᠂ | ᠭᠤᠤᠯ ᠤᠨ ᠪᠠᠷᠠᠭᠤᠨ ᠬᠤᠩᠭᠢᠯ — ᠲᠠᠭᠠᠷᠢᠬᠤ ᠲᠠᠭᠠᠮᠠ ᠡᠯᠡᠰᠦᠨ ᠴᠥᠯ ᠤᠨ ᠬᠦᠪᠡᠭᠡ ᠵᠠᠬ᠎ᠠ ᠪᠠᠷ ᠬᠤᠷᠢᠭᠯᠠᠨ | ᠴᠣᠬᠢᠬᠤ ᠳᠠᠶᠢᠨ ᠢ ᠰᠠᠶᠢᠲᠤᠷ ᠬᠢᠬᠦ ᠬᠡᠷᠡᠭᠲᠡᠶ᠃ | ᠳᠥᠴᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ | ᠪᠦᠰᠡ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠷᠠᠭᠤᠯᠤᠨ᠂ ᠣᠶ ᠰᠢᠭᠤᠶ᠂ ᠨᠤᠲᠤᠭ ᠪᠡᠯᠴᠢᠭᠡᠷ | ᠂ ᠨᠤᠭᠤ ᠭᠠᠵᠠᠷ᠂ ᠴᠦᠯᠯᠡᠷᠭᠡᠭ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠶ ᠲᠥᠯᠥᠪᠯᠡᠵᠦ᠂ | ᠡᠯᠡᠰᠦ ᠶᠢ ᠵᠠᠰᠠᠬᠤ᠂ ᠤᠰᠤ ᠶᠢ ᠵᠠᠰᠠᠬᠤ᠂ ᠠᠭᠤᠯᠠ ᠶᠢ ᠵᠠᠰᠠᠬᠤ ᠪᠦᠬᠦ ᠬᠦᠴᠦᠨ ᠵᠦᠢᠯ ᠤᠨ ᠵᠣᠬᠢᠴᠠᠭᠤᠯᠭ᠎ᠠ ᠪᠠ | ᠬᠠᠮᠢᠶᠠᠷᠤᠯᠲᠠ ᠶᠢ ᠴᠢᠩᠭᠠᠳᠬᠠᠨ᠂ ᠡᠷᠡᠭᠦᠯ ᠲᠣᠭᠲᠠᠭᠤᠨ᠂ ᠴᠢᠳᠠᠮᠵᠢ ᠨᠢ ᠪᠦᠷᠢᠨ ᠲᠡᠭᠦᠯᠳᠡᠷ ᠣᠶ ᠰᠢᠭᠤᠶ᠂ | ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠥᠯ ᠤᠨ ᠠᠮᠢ ᠠᠬᠤᠶ ᠶᠢᠨ ᠰᠢᠰᠲ᠋ᠧᠮ ᠢ ᠪᠤᠶᠢᠵᠢᠭᠤᠯᠤᠨ᠂ ᠠᠮᠢ | ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ | ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠬᠢᠷᠲᠤᠯ ᠢ ᠣᠨᠣᠴᠠᠲᠠᠶ ᠵᠠᠰᠠᠬᠤ᠂ | ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ | ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ᠂ ᠤᠰᠤ᠂ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ | ᠳᠣᠯᠣᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ | ᠲᠠᠪᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢ | ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ | ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠲᠠᠪᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠡᠭᠦᠳᠦᠨ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠪᠠᠬᠢ | ᠪᠤᠢ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠥᠪ | ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ | ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ | ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠨᠡᠮᠡᠭᠳᠡᠭᠦᠯᠵᠦ᠂ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠢᠷᠠᠭᠤ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ | ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ | ᠃ | ᠲᠠᠪᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠨᠡᠶᠢᠭᠡᠮ ᠵᠢᠷᠤᠮ ᠤᠨ | ᠭᠤᠤᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠂ ᠪᠣᠯᠪᠠᠰᠤᠨ ᠢ ᠡᠭᠦᠳᠦᠨ | ᠪᠠᠶᠢᠭᠤᠯᠬᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ᠂ ᠴᠠᠭ ᠦ᠊ ᠡᠶ᠎ᠡ ᠶᠢᠨ ᠰᠢᠨ᠎ᠡ ᠬᠥᠮᠦᠨ ᠢ | ᠬᠥᠮᠦᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠡᠶ᠎ᠡ ᠨᠠᠶᠢᠷᠲᠠᠶ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠬᠤ᠂ ᠡᠶ᠎ᠡ ᠵᠣᠬᠢᠴᠠᠯ ᠲᠠᠢ | ᠬᠥᠭᠵᠢᠬᠦ ᠶᠢ ᠠᠬᠢᠭᠤᠯᠵᠤ᠂ ᠤᠯᠤᠰ ᠤᠨ ᠨᠢᠭᠡᠳᠦᠯ ᠪᠣᠯᠤᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ | ᠬᠠᠮᠠᠭᠠᠯᠠᠨ᠎ᠠ᠃ | ᠲᠠᠪᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ | ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠠᠬ᠎ᠠ ᠳᠡᠭᠦᠦ ᠮᠡᠲᠤ ᠲᠤᠳᠤᠨᠤ ᠪᠠᠶᠢᠬᠤ ᠶᠢ ᠠᠬᠢᠭᠤᠯᠤᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠵᠦ᠂ ᠬᠠᠷᠢᠯᠴᠠᠨ ᠰᠢᠭᠢᠳᠬᠡᠭᠰᠡᠨ ᠨᠡᠶᠢᠭᠡᠮ ᠤᠨ ᠪᠦᠲᠦᠴᠡ ᠪᠣᠯᠤᠨ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠩ | ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ | ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ | ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ | ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ | ᠬᠡᠷᠡᠭᠲᠡᠢ᠃ | ᠲᠠᠪᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠤᠯᠭ᠎ᠠ᠂ ᠠᠵᠤ | ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ ᠴᠡᠷᠢᠭ ᠠᠩᠭᠢ᠂ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ᠂ ᠲᠣᠤᠷ ᠰᠦᠯᠵᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ | ᠲᠠᠪᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠬᠡᠪᠰᠢᠭᠰᠡᠨ | ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ | ᠲᠠᠪᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠨᠤᠯ ᠤᠨ ᠰᠤᠳᠤᠯᠭᠠᠨ ᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠮᠠᠭᠲᠠ ᠨᠠᠮ ᠯᠤᠭ᠎ᠠ ᠰᠡᠳᠬᠢᠯ ᠵᠢᠷᠦᠬᠡ ᠪᠠᠨ ᠬᠤᠯᠪᠣᠵᠤ᠂ | ᠨᠠᠮ ᠤᠨ ᠲᠥᠪ ᠬᠤᠷᠢᠶᠠᠨ ᠤ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠵᠤ᠂ ᠦᠨᠳᠦᠰᠦᠲᠡᠨ ᠨᠦᠭᠦᠳ ᠤᠨ | ᠠᠷᠠᠳ ᠲᠦᠮᠡᠨ ᠤ ᠶᠡᠭᠡ ᠪᠠᠶᠢᠳᠠᠯ ᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠨᠠᠮᠪᠠ ᠶᠢ ᠡᠷᠬᠢᠮᠯᠡᠬᠦ᠂ | ᠬᠤᠪᠢ ᠨᠡᠮᠡᠷᠢ ᠦᠵᠡᠭᠦᠯᠬᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠰᠠᠶᠢᠲᠤᠷ ᠤᠯᠠᠮᠵᠢᠯᠠᠨ | ᠵᠠᠯᠭᠠᠮᠵᠢᠯᠠᠬᠤ ᠬᠡᠷᠡᠭᠳᠠᠢ᠃ | ᠨᠠᠢᠮᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠲᠠᠪᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠲᠡᠭᠦᠨ ᠢ ᠤᠯᠤᠰ | ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠬᠤ ᠬᠡᠷᠡᠭᠲᠡᠶ᠃ | | ᠲᠠᠪᠢ ᠶᠢᠰᠦᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠰᠢᠭᠦᠨ ᠲᠠᠰᠤᠯᠬᠤ ᠪᠠᠶᠢᠭᠤᠯᠤᠯᠭ᠎ᠠ᠂ | ᠪᠠᠶᠢᠴᠠᠭᠠᠬᠤ ᠪᠠᠶᠢᠭᠤᠯᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠶ᠋ᠳᠪᠦᠷᠢᠯᠡᠵᠦ᠂ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠠᠮᠠᠭᠠᠯᠠᠬᠤ ᠬᠡᠷᠡᠭᠲᠡᠶ᠃ | ᠵᠢᠷᠠᠳᠤᠭᠠᠷ ᠵᠦᠢᠯ ᠲᠥᠷᠥ ᠶᠢᠨ ᠪᠠᠶᠢᠭᠤᠯᠤᠯᠭ᠎ᠠ ᠶᠢᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠬᠡᠵᠦ᠂ ᠪᠣᠳᠠᠲᠠᠶ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠷᠢᠭᠤᠨ ᠴᠢᠬᠡᠴᠢ | ᠰᠤᠷᠲᠠᠯ ᠢ ᠪᠠᠳᠠᠷᠠᠭᠤᠯᠤᠨ᠂ ᠪᠣᠷᠣᠭᠵᠢᠭᠤᠨ ᠰᠤᠷᠲᠠᠯ ᠢ ᠪᠣᠶ ᠪᠣᠯᠭᠠᠵᠤ᠂ ᠵᠥᠪ ᠡᠷᠬᠡ ᠶᠢᠨ ᠦᠵᠡᠯᠲᠡ᠂ ᠠᠵᠢᠯ ᠤᠨ | ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠵᠣᠪᠠᠭᠤᠷᠢ | ᠵᠦᠳᠡᠭᠦᠷᠢ ᠶᠢ ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠦᠢᠯᠡᠳᠦᠯᠭᠡ ᠳᠤ ᠣᠷᠣᠯᠴᠠᠬᠤ ᠬᠡᠷᠡᠭᠲᠡᠶ᠃ | ᠵᠢᠷᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠵᠤ ᠪᠠᠶᠢᠴᠠᠭᠠᠬᠤ ᠪᠠ ᠦᠷ᠎ᠡ | ᠪᠦᠲᠦᠮᠵᠢ ᠶᠢ ᠮᠥᠷᠳᠡᠨ ᠠᠰᠠᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠱᠢᠶᠡᠴᠢ ᠥᠪᠡᠷᠲᠡᠭᠡᠨ | ᠵᠠᠰᠠᠬᠤ ᠣᠷᠣᠨ ᠤ ᠠᠵᠢᠯ ᠢ ᠤᠳᠤᠷᠢᠳᠬᠤ ᠪᠠᠭ ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠶᠢᠨ ᠴᠢᠬᠤᠯᠠ | ᠠᠭᠤᠯᠭ᠎ᠠ ᠪᠣᠯᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠂ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠪᠠ ᠣᠨ ᠤ ᠬᠠᠷᠠᠯᠲᠠᠲᠤ ᠰᠢᠯᠭᠠᠨ ᠬᠢᠨᠠᠬᠤ ᠲᠦᠷᠢᠮ ᠢ | ᠬᠡᠷᠡᠭᠵᠢᠭᠦᠯᠦᠨ᠎ᠡ᠃ | ᠵᠢᠷᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ | ᠬᠥᠮᠦᠨ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠥᠬᠢᠭᠦᠯᠦᠨ ᠱᠠᠩᠨᠠᠬᠤ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠠᠵᠢᠯ ᠳᠤ ᠲᠥᠷᠥ ᠶᠢᠨ | ᠪᠠᠶᠢᠭᠤᠯᠭ᠎ᠠ ᠳᠤ ᠰᠢᠭᠦᠮᠵᠢᠯᠡᠯ ᠰᠠᠨᠠᠭᠤᠯᠭ᠎ᠠ ᠳᠤᠷᠠᠳᠬᠤ ᠡᠷᠬᠡ ᠲᠠᠢ᠂ ᠲᠥᠷᠥ ᠶᠢᠨ ᠪᠠᠶᠢᠭᠤᠯᠭ᠎ᠠ ᠵᠢᠴᠢ ᠲᠡᠭᠦᠨ ᠤ | ᠠᠵᠢᠯᠲᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ | ᠳᠤᠮᠳᠠᠬᠢ ᠬᠠᠤᠯᠢ ᠠᠴᠠ ᠵᠥᠷᠢᠴᠡᠵᠦ ᠬᠠᠷᠢᠭᠤᠴᠠᠯᠭ᠎ᠠ ᠪᠠᠨ ᠠᠯᠳᠠᠭᠰᠠᠨ ᠦᠢᠯᠡ ᠠᠵᠢᠯᠯᠠᠭ᠎ᠠ ᠳᠤ ᠭᠤᠮᠣᠳᠠᠯ | ᠲᠣᠭᠠᠴᠢᠬᠤ᠂ ᠵᠠᠭᠠᠯᠳᠤᠬᠤ ᠪᠠ ᠢᠯᠡᠴᠢᠯᠡᠵᠦ ᠪᠣᠯᠤᠨ᠎ᠠ᠃ | ᠵᠢᠷᠠᠨ ᠳᠥᠷᠪᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠳᠬᠡᠨ ᠲᠣᠷᠭᠠᠬᠤ | ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠳᠠᠭᠠᠬᠤ ᠬᠡᠷᠡᠭᠲᠡᠶ᠃ | ᠵᠢᠷᠠᠨ ᠲᠠᠪᠤᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠳᠤᠮᠳᠠ ᠠᠯᠪᠠᠨ | ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ | ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ | ᠰᠢᠳᠬᠡᠯ ᠣᠯᠭᠤᠨ᠎ᠠ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠵᠢᠷᠭᠤᠳᠤᠭᠠᠷ ᠵᠦᠢᠯ ᠲᠣᠰ ᠲᠦᠷᠢᠮ ᠢ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |