ᠯᠢᠦ ᠶᠢᠨ ᠲᠤᠤ ᠮᠠᠶᠢᠬᠠᠨᠳᠤ  ᠪᠠᠯᠭᠠᠰᠤᠨ ᠳᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠵᠢᠯᠤᠭᠤᠳᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/15
  11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠶᠢᠬᠠᠨᠳᠤ ᠪᠠᠯᠭᠠᠰᠤᠨ ᠤ ᠮᠠᠢ ᠱᠧᠩ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠨᠠᠮ ᠤᠨ ᠡᠭᠦᠷ ᠤᠨ ᠬᠤᠷᠠᠯ ᠳᠤ ᠣᠷᠣᠯᠴᠠᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠶᠢᠨ ᠲᠤᠤ ᠮᠠᠶᠢᠱᠧᠩ ᠲᠣᠰᠬᠤᠨ ᠤ ᠪᠠᠶᠢᠳᠠᠯ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠯᠭᠠᠰᠤ ᠲᠣᠰᠬᠤᠨ ᠤ ᠺᠠᠳ᠋ᠷᠴᠤᠳ ᠲᠠᠢ ᠳᠣᠲᠣᠨᠣ ᠪᠠᠷ ᠶᠠᠷᠢᠯᠴᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠭᠤᠣᠯ ᠰᠡᠳᠦᠪᠲᠦ ᠬᠥᠮᠦᠵᠢᠯ ᠢ ᠬᠡᠷᠬᠢᠨ ᠥᠷᠨᠢᠭᠦᠯᠬᠦ ᠲᠤᠬᠠᠢ ᠬᠠᠮᠲᠤᠪᠠᠷ ᠶᠠᠷᠢᠯᠴᠠᠪᠠ᠃    ᠯᠢᠦ ᠶᠢᠨ ᠲᠤᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠬᠦ ᠪᠣᠯ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠳᠤ ᠤᠨᠤᠯ ᠤᠨ ᠰᠠᠭᠤᠷᠢ ᠶᠢ ᠪᠠᠲᠤ ᠲᠠᠯᠪᠢᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠡᠩᠨᠡᠭᠡ ᠶᠢᠨ ᠬᠡᠪ ᠴᠢᠨᠠᠷ ᠪᠣᠯᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠳᠤ ᠦᠨᠡᠨᠬᠦ ᠭᠤᠣᠯ ᠰᠡᠳᠦᠪᠲᠦ ᠬᠥᠮᠦᠵᠢᠯ ᠢᠶᠠᠷ ᠳᠠᠮᠵᠢᠨ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠵᠦ᠂ ᠡᠭᠦᠨ ᠤ ᠤᠯᠠᠮ ᠢᠶᠠᠷ ᠥᠷᠭᠡᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ ᠭᠡᠪᠡ᠃ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠶᠢ ᠬᠥᠳᠡᠭᠡ ᠲᠣᠰᠬᠤᠨ ᠤ ᠠᠵᠢᠯ ᠲᠠᠢ ᠨᠢᠭᠲᠠ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠠᠢ᠃                                                   ᠨᠠᠶᠢᠷᠠᠭᠤᠯᠤᠭᠴᠢ᠄  ᠯᠢ ᠬᠤᠩ ᠢᠦᠢ                                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2