ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠦᠷᠢᠮ | ︵2023 ᠣᠨ ᠤ 7 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠣᠯᠤᠨ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠶᠤᠯ ᠦᠭᠡᠶ ᠶᠢ ᠲᠣᠭᠲᠠᠭᠤᠨ | ᠪᠠᠶᠢᠯᠭᠠᠬᠤ ᠶᠢ ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠯᠤᠰ ᠤᠨ | ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ ᠪᠦᠲᠦᠭᠡᠨ ᠪᠠᠶᠢᠭᠤᠯᠬᠤ ᠳᠤ ᠲᠤᠰ ᠲᠦᠷᠢᠮ | ᠲᠣᠬᠢᠷᠠᠨ᠎ᠠ᠃ | ᠭᠤᠷᠪᠠᠳᠤᠭᠠᠷ ᠵᠦᠢᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠥᠪᠥᠷ | ᠮᠣᠩᠭᠤᠯ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠢ ᠲᠦᠷᠭᠡᠨ ᠪᠦᠳᠦᠭᠡᠨ | ᠪᠠᠶᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠨ᠎ᠡ᠃ | ᠳᠥᠷᠪᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠭᠠᠵᠠᠷ ᠰᠢᠷᠣᠶ ᠪᠠᠨ ᠪᠠᠲᠤᠯᠠᠨ ᠤᠨᠠᠯᠲᠠ ᠶᠢ | ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠡᠬᠢ ᠪᠠᠶᠠᠯᠢᠭ ᠠᠰᠢᠭᠯᠠᠬᠤ | ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠵᠤ ᠦᠢᠯᠡᠰ ᠤᠨ ᠪᠦᠲᠦᠴᠡ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ ᠮᠠᠯ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠡᠬᠢ ᠪᠠᠶᠠᠯᠢᠭ ᠤᠨ | ᠲᠤᠭ᠎ᠠ ᠬᠡᠮᠵᠢᠶ᠎ᠡ ᠶᠢ ᠥᠷᠭᠡᠳᠬᠡᠨ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠭᠠᠷᠤᠯᠲᠠ ᠶᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠬᠤ ᠬᠡᠷᠡᠭᠲᠡᠶ᠃ | ᠲᠠᠪᠤᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ | ᠲᠠᠷᠢᠬᠤ ᠳᠤ ᠲᠤᠬᠢᠷᠡᠪᠠᠯ ᠲᠠᠷᠢᠵᠤ ᠤᠷᠭᠤᠭᠤᠯᠵᠤ᠂ ᠮᠠᠯᠵᠢᠬᠤ ᠳᠤ ᠲᠤᠬᠢᠷᠡᠪᠠᠰᠤ ᠵᠣᠬᠢᠬᠤ ᠶᠢ ᠨᠢ ᠲᠡᠵᠢᠭᠡᠵᠦ᠂ ᠲᠤᠰ | ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ | ᠪᠠᠶᠢᠷᠢᠰᠢᠭᠤᠯᠤᠯ ᠪᠠ ᠦᠢᠯᠡᠳᠪᠦᠷᠢᠯᠡᠯ ᠤᠨ ᠪᠦᠲᠦᠴᠡ ᠪᠠᠨ ᠰᠢᠯᠢᠳᠡᠭᠵᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠶᠤᠯ | ᠦᠭᠡᠶ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠨ᠂ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ | ᠪᠠᠶᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠰᠢᠮᠳᠠᠭᠤᠯᠤᠨ | ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠪᠣᠯᠤᠨ ᠭᠤᠤᠯᠳᠠᠯᠭ᠎ᠠ ᠲᠠᠢ ᠵᠦᠢᠯᠡᠰ ᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ | ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠴᠢᠬᠤᠯᠠ ᠪᠦᠬᠦᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠵᠢᠯᠣᠭᠤᠳᠤᠯᠭ᠎ᠠ ᠶᠢᠨ ᠦᠢᠯᠡᠴᠢᠯᠡᠭᠡᠨ ᠪᠣᠯᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ | ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠤᠰᠤᠨ ᠤ ᠵᠠᠰᠠᠭ | ᠵᠠᠬᠢᠷᠭᠠᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ | ᠨᠢᠭᠡᠴᠢ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠤᠯᠤᠰ ᠤᠨ ᠴᠢᠬᠤᠯᠠ ᠪᠦᠬᠦᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠬᠠᠪᠰᠤᠷᠤᠨ ᠰᠠᠶᠢᠲᠤᠷ ᠬᠢᠬᠦ ᠬᠡᠷᠡᠭᠲᠡᠶ᠃ | ᠶᠢᠰᠦᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠲᠠᠷᠢᠶᠠᠴᠢᠨ ᠮᠠᠯᠴᠢᠳ ᠤᠨ | ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠠᠷᠢᠶᠠᠴᠢᠨ ᠮᠠᠯᠴᠢᠳ ᠤᠨ ᠬᠦᠰᠡᠯ ᠰᠠᠨᠠᠭ᠎ᠠ ᠶᠢ | ᠬᠦᠨᠳᠦᠳᠬᠡᠵᠦ᠂ ᠲᠠᠷᠢᠶᠠᠴᠢᠨ ᠮᠠᠯᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠨ᠂ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠶ᠃ | ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠬᠤᠶᠠᠳᠤᠭᠠᠷ ᠪᠦᠯᠦᠭ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠠᠷᠪᠠᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ | ᠠᠬᠤᠶ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ | ᠰᠠᠭᠤᠷᠢ ᠪᠡᠯᠡᠳᠬᠡᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠪᠦᠷᠢᠨᠰᠢᠭᠦᠯᠵᠦ᠂ ᠦᠷᠭᠦᠯᠵᠢᠯᠡᠨ ᠬᠥᠭᠵᠢᠬᠦ ᠶᠢ ᠠᠬᠢᠭᠤᠯᠬᠤ | ᠬᠡᠷᠡᠭᠲᠡᠶ᠃ | ᠠᠷᠪᠠᠨ ᠨᠢᠭᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠶ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠪᠣᠯᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠤ ᠨᠥᠬᠦᠪᠥᠷᠢ ᠶᠢᠨ | ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ | ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠤᠨ ᠭᠠᠵᠠᠷ ᠵᠡᠷᠭᠡ | ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ | ᠠᠪᠴᠤ ᠪᠠᠶᠢᠭᠠᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠭᠡᠯᠵᠢᠯᠡᠨ ᠲᠠᠷᠢᠬᠤ ᠪᠠ | ᠬᠥᠷᠥᠰᠥ ᠰᠢᠷᠣᠶ ᠶᠢ ᠨᠢ ᠰᠠᠶᠢᠵᠢᠷᠠᠭᠤᠯᠬᠤ ᠶᠢ ᠬᠥᠲᠥᠯᠥᠨ ᠵᠢᠯᠣᠭᠤᠳᠴᠤ᠂ ᠲᠠᠷᠢᠶᠠᠨ ᠭᠠᠵᠠᠷ ᠤᠨ ᠭᠠᠵᠠᠷ ᠤᠨ | ᠬᠦᠴᠦᠨ ᠢ ᠳᠡᠭᠡᠭᠰᠢᠯᠡᠭᠦᠯᠦᠨ᠂ ᠤᠰᠤ ᠵᠠᠯᠠᠬᠤ ᠤᠰᠤᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢ ᠬᠠᠮᠠᠭᠠᠯᠠᠵᠤ᠂ | ᠭᠠᠵᠠᠷ ᠰᠢᠷᠣᠶ ᠶᠢᠨ ᠴᠥᠯᠯᠡᠷᠬᠡᠭ᠂ ᠬᠤᠵᠢᠷᠰᠢᠭᠰᠠᠨ᠂ ᠬᠥᠷᠥᠰᠥ ᠰᠢᠷᠣᠶ ᠶᠢᠨ ᠢᠳᠡᠭᠳᠡᠯ ᠪᠠ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ | ᠣᠷᠣᠨ ᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠬᠡᠯᠪᠡᠷᠢ ᠬᠤᠪᠢᠶᠠᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠢᠭᠡᠳ ᠲᠣᠭᠲᠠᠭᠰᠠᠨ ᠨᠣᠷᠮ᠎ᠠ ᠶᠢ | ᠲᠣᠭᠲᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ | ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ | ᠬᠠᠮᠠᠭᠠᠯᠠᠯᠲᠠ ᠶᠢ ᠨᠢᠭᠡᠳᠦᠯᠲᠡᠶ ᠵᠢᠷᠤᠮᠵᠢᠭᠤᠯᠤᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ ᠳᠠᠪᠬᠤᠷᠭ᠎ᠠ ᠶᠢᠨ | ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ | ᠠᠪᠴᠤ᠂ ᠬᠠᠷ᠎ᠠ ᠬᠥᠷᠥᠰᠥᠲᠦ ᠭᠠᠵᠠᠷ ᠤᠨ ᠰᠢᠯᠢᠳᠡᠭ ᠦᠢᠯᠡᠳᠪᠦᠷᠢᠯᠡᠯ ᠤᠨ ᠴᠢᠳᠠᠪᠤᠷᠢ ᠶᠢ ᠬᠠᠮᠠᠭᠠᠯᠠᠵᠤ᠂ ᠬᠠᠷ᠎ᠠ | ᠬᠥᠷᠥᠰᠥᠲᠦ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠥᠬᠡᠶ᠂ ᠴᠢᠳᠠᠮᠵᠢ ᠨᠢ ᠪᠠᠭᠤᠷᠠᠬᠤ ᠥᠬᠡᠶ᠂ ᠶᠠᠰᠤ | ᠴᠢᠨᠠᠷ ᠨᠢ ᠳᠡᠭᠡᠭᠰᠢᠯᠡᠭᠰᠡᠨ᠂ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠵᠦᠢ ᠵᠣᠬᠢᠰᠲᠠᠶ ᠨᠠᠶᠢᠷᠠᠭᠤᠯᠤᠨ ᠵᠣᠬᠢᠶᠠᠵᠤ᠂ | ᠬᠤᠵᠢᠷᠯᠢᠭ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ ᠡᠷᠴᠢᠮ ᠢᠶᠠᠨ ᠨᠡᠮᠡᠭᠳᠡᠭᠦᠯᠵᠦ᠂ ᠬᠤᠵᠢᠷᠯᠢᠭ ᠭᠠᠵᠠᠷ ᠲᠤ | ᠲᠣᠬᠢᠷᠠᠬᠤ ᠲᠠᠷᠢᠮᠠᠯ ᠤᠨ ᠲᠥᠷᠥᠯ ᠵᠦᠢᠯ ᠢ ᠨᠡᠭᠡᠭᠡᠨ ᠳᠡᠯᠭᠡᠷᠡᠭᠦᠯᠬᠦ ᠪᠠᠨ ᠴᠢᠩᠭᠠᠳᠬᠠᠵᠤ᠂ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠨᠤᠲᠤᠭ ᠪᠡᠯᠴᠢᠭᠡᠷ ᠢ ᠣᠷᠣᠨ ᠬᠤᠪᠢᠶᠠᠨ | ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠣᠯᠠᠨ ᠡᠰᠢᠲᠦ᠂ ᠥᠨᠳᠥᠷ ᠦᠷ᠎ᠡ ᠠᠰᠢᠭ ᠲᠠᠢ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠤᠶᠤᠨᠴᠢᠯᠠᠭᠰᠠᠨ ᠪᠡᠯᠡᠳᠭᠡᠮᠵᠢᠳᠤ ᠲᠠᠷᠢᠶᠠᠯᠠᠩ ᠪᠠ | ᠣᠳᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠢ ᠶᠢ ᠬᠥᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠥᠨᠳᠥᠷ ᠦᠷ᠎ᠡ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠵᠠᠮ | ᠮᠥᠷ ᠤᠨ ᠨᠡᠪᠴᠢᠬᠦ ᠶᠢ ᠪᠠᠭᠠᠰᠬᠠᠨ᠂ ᠤᠰᠤ ᠠᠷᠪᠢᠯᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠤᠬᠠᠶ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠪᠠᠨ ᠦᠨᠳᠦᠰᠦᠯᠡᠨ᠂ ᠭᠤᠣᠯ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠮᠥᠷᠭᠡᠯᠡᠨ ᠬᠠᠳᠠᠭᠠᠯᠠᠬᠤ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠦᠭᠦᠷ ᠤᠨ ᠬᠦᠢᠲᠡᠨ ᠬᠡᠯᠬᠢᠶᠡᠲᠦ ᠪᠡᠯᠡᠳᠬᠡᠮᠵᠢ | ᠲᠥᠬᠦᠭᠡᠷᠦᠮᠵᠢ ᠶᠢᠨ ᠬᠡᠷᠡᠭᠯᠡᠯᠲᠡ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠵᠦ᠂ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠳᠤᠮᠳᠠ ᠵᠢᠵᠢᠭ ᠬᠤᠲᠠ ᠪᠠᠯᠭᠠᠰᠤ ᠪᠠ | ᠨᠥᠬᠦᠴᠡᠯ ᠪᠦᠷᠢᠯᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠳᠠᠰᠢ ᠤᠷᠲᠤᠳᠬᠠᠬᠤ ᠶᠢ ᠠᠬᠢᠭᠤᠯᠬᠤ ᠬᠡᠷᠡᠭᠲᠡᠶ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠷᠣᠨ ᠪᠦᠰᠡ ᠬᠤᠪᠢᠶᠠᠭᠰᠠᠨ᠂ ᠲᠠᠷᠢᠮᠠᠯ | ᠬᠤᠪᠢᠶᠠᠭᠰᠠᠨ᠂ ᠭᠠᠮᠰᠢᠭ ᠤᠨ ᠲᠥᠷᠥᠯ ᠵᠦᠢᠯ ᠬᠤᠪᠢᠶᠠᠭᠰᠠᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠭᠠᠮᠰᠢᠭ ᠤᠨ ᠲᠦᠭᠰᠢᠭᠦᠷᠢ ᠶᠢ ᠰᠡᠷᠡᠮᠵᠢᠯᠡᠬᠦ ᠶᠢ ᠥᠷᠨᠢᠭᠦᠯᠵᠦ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠶᠢ | ᠴᠢᠩᠭᠠᠳᠬᠠᠨ᠂ ᠠᠮᠢᠳᠤ ᠪᠣᠳᠠᠰ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ | ᠪᠠ ᠭᠤᠤᠯᠳᠠᠯᠭ᠎ᠠ ᠲᠠᠢ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ | ᠬᠢᠵᠠᠭᠠᠷᠯᠠᠬᠤ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠭᠤᠷᠪᠠᠳᠤᠭᠠᠷ ᠪᠦᠯᠦᠭ ᠦᠢᠯᠡᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠢᠬᠠᠨ ᠤ ᠲᠥᠷᠥᠯ ᠤᠨ ᠬᠠᠩᠭᠠᠯᠭ᠎ᠠ ᠶᠢ | ᠪᠠᠲᠤᠯᠠᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠡᠵᠢᠭᠡᠯ ᠡᠪᠡᠰᠦᠨ ᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠳᠤᠮᠳᠠ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ | ᠵᠡᠷᠭᠡ ᠶᠢ ᠦᠨᠳᠦᠰᠦᠯᠡᠨ᠂ ᠣᠷᠣᠨ ᠪᠦᠰᠡ ᠶᠢᠨ ᠳᠠᠪᠠᠭᠤᠯᠢᠭ ᠲᠠᠢ ᠤᠶᠠᠯᠳᠤᠭᠤᠯᠵᠤ᠂ ᠠᠵᠤ ᠠᠬᠤᠶ ᠶᠢᠨ | ᠪᠦᠲᠦᠴᠡ ᠪᠠᠨ ᠲᠣᠬᠢᠷᠠᠭᠤᠯᠤᠨ᠂ ᠣᠷᠣᠨ ᠪᠦᠰᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠᠨ ᠲᠣᠭᠲᠠᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠦᠲᠦᠴᠡ ᠪᠠᠷ ᠵᠦᠢ ᠵᠣᠬᠢᠰᠲᠠᠶ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶ᠎ᠠ ᠶᠢᠨ | ᠰᠢᠰᠲ᠋ᠧᠮᠵᠢ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠥᠨᠳᠥᠷ ᠦᠷ᠎ᠡ | ᠪᠦᠲᠦᠮᠵᠢᠲᠡᠶ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢ ᠳᠡᠯᠭᠡᠷᠡᠭᠦᠯᠦᠨ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠣᠯᠤᠨ ᠲᠠᠷᠢᠵᠤ ᠲᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠬᠠᠮ ᠢᠳᠡᠭᠡᠨ ᠤ | ᠦᠵᠡᠯᠲᠡ ᠶᠢ ᠪᠣᠶ ᠪᠣᠯᠭᠠᠵᠤ᠂ ᠠᠮᠤ ᠪᠤᠳᠠᠭ᠎ᠠ ᠠᠵᠤ ᠠᠬᠤᠶ ᠶᠢᠨ ᠲᠡᠵᠢᠭᠡᠯ ᠪᠣᠷᠳᠤᠭ᠎ᠠ ᠨᠢᠭᠡᠳᠦᠯᠲᠡᠶ ᠲᠥᠯᠥᠪᠯᠡᠬᠦ᠂ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠦᠢᠯᠡᠰ ᠢ ᠤᠶᠠᠯᠳᠤᠭᠤᠯᠬᠤ᠂ ᠤᠷᠭᠤᠮᠠᠯ ᠠᠮᠢᠲᠠᠨ ᠤ | ᠮᠢᠺᠷᠣᠪ ᠢ ᠵᠡᠷᠭᠡ ᠳᠤᠨᠢ ᠬᠥᠭᠵᠢᠭᠦᠯᠦᠭᠰᠡᠨ ᠠᠮᠤ ᠲᠣᠰᠣ ᠰᠢᠬᠢᠷ᠂ ᠮᠢᠬ᠎ᠠ ᠥᠨᠳᠡᠭᠡ ᠰᠦ᠋᠂ ᠵᠢᠮᠢᠰ ᠢᠳᠡᠰᠢᠨ | ᠨᠣᠭᠤᠭ᠎ᠠ ᠵᠢᠭᠠᠰᠤ᠂ ᠮᠥᠭᠦ ᠶᠢᠨ ᠬᠤᠯᠤᠰᠤᠨ ᠰᠦᠶ᠎ᠡ ᠵᠡᠷᠭᠡ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ | ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠴᠢᠳ ᠤᠨ ᠠᠮᠤ ᠪᠤᠳᠠᠭ᠎ᠠ ᠲᠠᠷᠢᠵᠤ | ᠠᠰᠢᠭ ᠬᠦᠷᠲᠡᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠡᠯ᠎ᠡ ᠲᠥᠷᠥᠯ ᠤᠨ ᠱᠠᠩᠨᠠᠯ᠂ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠮᠤ ᠪᠤᠳᠠᠭ᠎ᠠ ᠠᠳᠬᠤᠬᠤ᠂ | ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ ᠠᠮᠤ ᠪᠤᠳᠠᠭ᠎ᠠ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ | ᠲᠠᠯᠠᠪᠠᠶ ᠶᠢ ᠪᠠᠲᠤᠯᠠᠨ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ | ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠣᠷᠣᠨ | ᠪᠦᠰᠡ ᠶᠢᠨ ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠶ ᠶᠢᠨ ᠠᠵᠤ ᠦᠢᠯᠡᠰ ᠤᠨ | ᠪᠦᠲᠦᠴᠡ ᠶᠢ ᠪᠠᠶᠢᠭᠤᠯᠬᠤ ᠶᠢ ᠵᠢᠯᠣᠭᠤᠳᠴᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠥᠷᠥᠯ ᠵᠦᠢᠯ᠂ | ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠰᠢᠶᠠᠯᠠᠨ ᠲᠡᠵᠢᠭᠡᠵᠦ ᠮᠠᠯᠯᠠᠬᠤ ᠶᠢ ᠶᠡᠬᠡᠪᠡᠷ | ᠬᠥᠭᠵᠢᠭᠦᠯᠵᠦ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠲᠡᠵᠢᠭᠡᠯ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠵᠤ | ᠡᠳᠰᠢᠭᠦᠯᠬᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠠᠵᠢᠯ ᠵᠡᠷᠭᠡ ᠪᠡᠯᠡᠳᠬᠡᠮᠵᠢᠵᠢᠭᠰᠡᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠮᠠᠯ ᠵᠢᠭᠦᠷᠲᠡᠨ ᠤ ᠪᠦᠲᠦᠭᠡᠭᠳᠡᠬᠦᠨ ᠤ ᠪᠠᠲᠤᠯᠠᠭ᠎ᠠ ᠬᠠᠩᠭᠠᠯᠭ᠎ᠠ ᠶᠢᠨ ᠴᠢᠳᠠᠪᠤᠷᠢ ᠶᠢ | ᠨᠡᠮᠡᠭᠳᠡᠭᠦᠯᠦᠨ᠎ᠡ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠠᠯᠠᠰᠢᠨ ᠦᠬᠡᠷ᠂ ᠠᠯᠠᠰᠢᠨ ᠬᠤᠨᠢ ᠶᠢ | ᠰᠢᠯᠵᠢᠭᠦᠯᠦᠨ ᠭᠠᠷᠭᠠᠬᠤ ᠲᠣᠮᠣ ᠰᠢᠶᠠᠨ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠠᠯᠠᠰᠢᠨ ᠦᠬᠡᠷ ᠤᠨ ᠰᠦᠷᠦᠭ ᠢ ᠥᠷᠭᠡᠳᠬᠡᠨ ᠨᠡᠮᠡᠭᠳᠡᠯ ᠤᠨ ᠬᠡᠮᠵᠢᠶ᠎ᠡ ᠶᠢ ᠠᠬᠢᠭᠤᠯᠤᠨ᠂ ᠰᠠᠭᠤᠷᠢ ᠡᠬᠡ ᠮᠠᠯ | ᠠᠷᠠᠴᠢᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ᠂ | ᠬᠦᠪᠦᠷᠡᠯ ᠰᠢᠯᠵᠢᠭᠦᠯᠦᠨ ᠤᠷᠭᠤᠭᠤᠯᠵᠤ ᠬᠡᠷᠡᠭᠯᠡᠬᠦ ᠶᠢ ᠳᠡᠯᠭᠡᠷᠡᠭᠦᠯᠦᠨ᠎ᠡ︔ ᠠᠯᠠᠰᠢᠨ ᠬᠤᠨᠢᠨ ᠤ ᠬᠡᠪᠴᠢᠶ᠎ᠡ ᠶᠢ | ᠲᠣᠭᠲᠠᠪᠤᠷᠢᠵᠢᠭᠤᠯᠵᠤ᠂ ᠦᠷ᠎ᠡ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠪᠣᠳᠠᠭᠠᠯᠢ ᠪᠡᠶ᠎ᠡ ᠶᠢᠨ ᠭᠠᠷᠭᠠᠯᠲᠠ | ᠪᠠ ᠦᠷᠡᠵᠢᠯ ᠤᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠶᠢ ᠲᠡᠵᠢᠭᠡᠨ | ᠦᠷᠡᠵᠢᠭᠦᠯᠬᠦ ᠶᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠠᠭ᠋ᠠᠶ ᠶᠢᠨ ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠪᠦᠲᠦᠮᠵᠢᠲᠡᠶ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠭ᠋ᠠᠶ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ᠂ ᠦᠷᠡᠵᠢᠬᠦ ᠮᠡᠭᠡᠵᠢ ᠶᠢᠨ ᠪᠠᠶᠢᠬᠤ ᠬᠡᠮᠵᠢᠶ᠎ᠡ᠂ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠵᠤ᠂ ᠭᠠᠭ᠋ᠠᠶ ᠶᠢᠨ | ᠮᠢᠬᠠᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠬᠢ ᠪᠠᠶᠠᠯᠢᠭ ᠤᠨ ᠨᠥᠬᠦᠴᠡᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ | ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠦ ᠶᠢᠨ ᠠᠵᠤ ᠦᠢᠯᠡᠰ ᠢ ᠬᠥᠭᠵᠢᠭᠦᠯᠦᠨ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ | ᠬᠥᠭᠵᠢᠯᠲᠡ ᠶᠢ ᠲᠦᠯᠬᠢᠨ ᠠᠬᠢᠭᠤᠯᠵᠤ᠂ ᠰᠦ ᠶᠢᠨ ᠢᠷᠡᠯᠲᠡ᠂ ᠦᠷ᠎ᠡ ᠶᠢᠨ ᠢᠷᠡᠯᠲᠡ᠂ ᠡᠪᠡᠰᠦᠨ ᠤ | ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠪᠴᠢᠶᠡᠵᠢᠭᠰᠡᠨ᠂ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠶᠢ ᠳᠡᠮᠵᠢᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ | ᠴᠢᠩᠭᠠᠳᠬᠠᠨ᠂ ᠲᠡᠵᠢᠭᠡᠯ ᠡᠪᠡᠰᠦᠨ ᠤ ᠬᠠᠩᠭᠠᠯᠭ᠎ᠠ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ | ᠪᠠᠭᠤᠷᠠᠭᠤᠯᠤᠨ᠂ ᠨᠢᠭᠡᠴᠢ ᠭᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠲᠦᠭᠦᠬᠡᠢ ᠰᠦ ᠶᠢᠨ | ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠭᠠᠯᠢᠴᠢᠳ ᠵᠡᠷᠭᠡ ᠡᠯ᠎ᠡ ᠭᠤᠣᠯ | ᠴᠣᠭᠴᠠ ᠶᠢᠨ ᠠᠰᠢᠭ ᠲᠤᠰᠠ ᠶᠢ ᠪᠠᠲᠤᠯᠠᠵᠤ᠂ ᠰᠦ ᠶᠢᠨ ᠢᠷᠡᠯᠲᠡ ᠶᠢᠨ ᠰᠠᠭᠤᠷᠢ ᠶᠢ ᠪᠠᠬᠢᠵᠢᠭᠦᠯᠵᠦ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠣᠯᠤᠤᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠨᠣᠯᠤᠤᠷ ᠤᠨ | ᠢᠮᠠᠭᠠᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠶ ᠪᠥᠭᠡᠳ ᠦᠨ᠎ᠡ ᠰᠠᠶᠢᠲᠠᠶ | ᠪᠠᠶᠢᠬᠤ ᠲᠣᠭᠲᠠᠴᠠ ᠶᠢ ᠪᠦᠷᠢᠨᠰᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠂ ᠨᠣᠯᠤᠤᠷ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠲᠦᠷᠦᠯ ᠲᠡᠮᠳᠡᠭ ᠤᠨ | ᠳᠡᠯᠡᠬᠡᠶ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠯ᠎ᠡ ᠲᠥᠷᠥᠯ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠬᠥᠮᠦᠨ ᠤ | ᠬᠦᠴᠦᠨ ᠤ ᠲᠡᠵᠢᠭᠡᠯ ᠡᠪᠡᠰᠦᠨ ᠤ ᠰᠠᠭᠤᠷᠢᠨ ᠭᠠᠵᠠᠷ᠂ ᠡᠪᠡᠰᠦᠨ ᠦᠷ᠎ᠡ ᠶᠢ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠬᠡ ᠪᠠᠷ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠶ ᠶᠢᠨ | ᠬᠤᠰᠢᠭᠤ᠂ ᠬᠥᠬᠡ ᠡᠪᠡᠰᠦ ᠵᠡᠷᠭᠡ ᠲᠡᠵᠢᠭᠡᠯ ᠡᠪᠡᠰᠦ ᠵᠢᠴᠢ ᠡᠪᠡᠰᠦᠨ ᠦᠷ᠎ᠡ ᠶᠢᠨ ᠦᠢᠯᠡᠳᠪᠦᠷᠢᠯᠡᠯ ᠢ ᠬᠥᠭᠵᠢᠭᠦᠯᠵᠦ | ᠂ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠰᠲ᠋ᠧᠮᠵᠢ ᠶᠢᠨ | ᠪᠠᠶᠢᠭᠤᠯᠤᠯᠲᠠ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠰᠲ᠋ᠧᠮᠵᠢ ᠶᠢ ᠴᠢᠨᠠᠷ ᠰᠠᠶᠢᠲᠠᠢ ᠪᠠᠶᠢᠭᠤᠯᠬᠤ | ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯᠴᠢᠨ ᠲᠠᠷᠢᠶᠠᠴᠢᠨ ᠢᠶᠠᠷ | ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠳᠠᠪᠠᠭᠤᠯᠢᠭ ᠣᠨᠴᠠᠯᠢᠭᠲᠤ ᠡᠬᠢ | ᠪᠠᠶᠠᠯᠢᠭ ᠢᠶᠠᠷ ᠲᠦᠰᠢᠭ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ ᠠᠬᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ | ᠰᠢᠰᠲ᠋ᠧᠮᠵᠢ ᠪᠠᠶᠢᠭᠤᠯᠬᠤ ᠶᠢ ᠠᠬᠢᠭᠤᠯᠤᠨ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠵᠠᠭᠪᠤᠷ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠵᠤ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠬᠢ ᠪᠠᠶᠠᠯᠢᠭ ᠤᠨ | ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠰᠦ ᠶᠢᠨ | ᠦᠢᠯᠡᠰ᠂ ᠡᠷᠳᠡᠨᠢ ᠰᠢᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠯᠠᠰᠢᠨ ᠦᠬᠡᠷ᠂ | ᠠᠯᠠᠰᠢᠨ ᠬᠤᠨᠢ᠂ ᠲᠡᠵᠢᠭᠡᠯ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠲᠥᠮᠥᠰᠥ᠂ ᠰᠢᠷ᠎ᠠ ᠪᠤᠷᠴᠠᠭ᠂ | ᠪᠤᠭᠤᠳᠠᠢ᠂ ᠤᠰᠤᠨ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ᠂ | ᠨᠣᠯᠤᠤᠷ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠲᠠᠳ | ᠡᠮ ᠤᠨ ᠮᠠᠲ᠋ᠧᠷᠢᠶᠠᠯ᠂ ᠨᠣᠬᠠᠶ ᠶᠢᠨ ᠬᠤᠰᠢᠭᠤ᠂ ᠰᠠᠭᠠᠭ᠂ ᠬᠤᠮᠠ᠂ ᠤᠯᠠᠭᠠᠨ ᠯᠠᠵᠤᠤ ᠵᠡᠷᠭᠡ ᠣᠨᠴᠠᠯᠢᠭᠲᠤ ᠠᠵᠤ | ᠦᠢᠯᠡᠰ ᠪᠠ ᠬᠤᠸᠠᠷ ᠴᠡᠴᠡᠭ᠂ ᠮᠥᠭᠦ ᠵᠡᠷᠭᠡ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠵᠦ᠂ ᠬᠤᠤᠰ | ᠪᠥᠬᠦᠲᠦ ᠲᠡᠮᠡᠭᠡ ᠪᠠ ᠣᠳᠣ ᠦᠶ᠎ᠡ ᠶᠢᠨ ᠠᠳᠤᠭᠤᠨ ᠤ ᠠᠵᠤ ᠦᠢᠯᠡᠰ ᠢ ᠳᠡᠮᠵᠢᠨ ᠬᠥᠭᠵᠢᠭᠦᠯᠬᠦ ᠬᠡᠷᠡᠭᠲᠡᠶ᠃ ᠪᠤᠭᠤ᠂ | ᠡᠯᠵᠢᠭᠡ ᠵᠡᠷᠭᠡ ᠣᠨᠴᠠ ᠲᠥᠷᠥᠯ ᠤᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠴᠠᠭᠠᠨ ᠭᠤᠶᠣᠣ ᠵᠡᠷᠭᠡ | ᠡᠯᠡᠰᠦᠨ ᠤ ᠤᠷᠭᠤᠮᠠᠯ ᠢ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠰᠦ ᠴᠠᠭᠠᠨ | ᠢᠳᠡᠬᠡᠨ ᠤ ᠦᠢᠯᠡᠰ᠂ ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠤᠨᠢ᠂ ᠲᠡᠵᠢᠭᠡᠯ ᠡᠪᠡᠰᠦ᠂ ᠢᠮᠠᠭᠠᠨ | ᠨᠣᠯᠤᠤᠷ᠂ ᠲᠥᠮᠥᠰᠥ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠥᠷᠥ ᠶᠢᠨ ᠪᠣᠳᠣᠯᠭ᠎ᠠ ᠲᠣᠭᠲᠠᠭᠠᠵᠤ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠳᠠᠪᠠᠭᠤᠯᠢᠭ | ᠠᠵᠤ ᠦᠢᠯᠡᠰ ᠵᠢᠴᠢ ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠦᠨ ᠬᠥᠭᠵᠢᠭᠦᠯᠬᠦ ᠶᠢ ᠲᠦᠯᠬᠢᠨ | ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠠᠵᠤ ᠦᠢᠯᠡᠰ ᠤᠨ | ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠬᠥᠭᠵᠢᠯᠲᠡ ᠶᠢᠨ | ᠲᠥᠯᠥᠪᠵᠢᠭᠦᠯᠭᠡ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠦᠢ ᠵᠣᠬᠢᠰᠲᠠᠶ ᠣᠷᠣᠨ ᠪᠦᠰᠡ ᠶᠢᠨ ᠪᠠᠶᠢᠷᠢᠰᠢᠭᠤᠯᠤᠯ ᠪᠣᠯᠤᠨ | ᠬᠡᠪᠴᠢᠶᠡᠲᠦ ᠪᠦᠲᠦᠴᠡ ᠶᠢ ᠪᠣᠶ ᠪᠣᠯᠭᠠᠵᠤ᠂ ᠣᠶᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠡᠳ᠋ᠰᠢᠭᠦᠯᠵᠦ | ᠬᠤᠪᠢᠷᠠᠭᠤᠯᠬᠤ ᠶᠢ ᠠᠬᠢᠭᠤᠯᠤᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠢᠯ ᠥᠷᠨᠢᠭᠦᠯᠬᠦ ᠶᠢ | ᠲᠡᠳᠬᠦᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠨᠢ ᠳᠡᠭᠡᠭᠰᠢᠯᠡᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠲᠦᠯᠬᠢᠨ | ᠠᠬᠢᠭᠤᠯᠵᠤ᠂ ᠦᠢᠯᠡᠳᠬᠦᠨ ᠤ ᠰᠢᠨ᠎ᠡ ᠶᠢ ᠡᠭᠦᠳᠬᠦ᠂ ᠢᠳᠡᠭᠡᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠳᠡᠮᠵᠢᠵᠦ | ᠂ ᠤᠷᠢᠳᠴᠢᠯᠠᠨ ᠬᠢᠭᠰᠡᠨ ᠨᠣᠭᠤᠭ᠎ᠠ᠂ ᠤᠰᠤ ᠥᠬᠡᠶᠢᠳᠡᠭᠦᠯᠦᠭᠰᠡᠨ ᠵᠢᠮᠢᠰ ᠨᠣᠭᠤᠭ᠎ᠠ ᠵᠡᠷᠭᠡ ᠶᠢ ᠨᠠᠷᠢᠯᠢᠭ | ᠡᠳ᠋ᠰᠢᠭᠦᠯᠬᠦ ᠶᠢ ᠬᠥᠭᠵᠢᠭᠦᠯᠬᠦ ᠬᠡᠷᠡᠭᠲᠡᠶ᠃ ᠨᠢᠲᠤᠯᠵᠤ ᠡᠳ᠋ᠰᠢᠭᠦᠯᠬᠦ ᠶᠢ ᠬᠥᠲᠥᠯᠦᠨ ᠵᠢᠯᠣᠭᠤᠳᠴᠤ ᠪᠠᠶᠢᠭᠠᠳ ᠲᠡᠵᠢᠭᠡᠨ | ᠦᠷᠡᠵᠢᠭᠦᠯᠬᠦ ᠲᠥᠪᠯᠡᠷᠡᠭᠰᠡᠨ ᠣᠷᠣᠨ ᠳᠠᠰᠢ ᠰᠢᠯᠵᠢᠭᠦᠯᠵᠦ᠂ ᠦᠬᠡᠷ ᠬᠤᠨᠢᠨ ᠮᠢᠬ᠎ᠠ ᠶᠢ ᠨᠠᠷᠢᠯᠢᠭ ᠬᠡᠰᠡᠭᠯᠡᠬᠦ᠂ | ᠬᠥᠯᠳᠡᠭᠡᠭᠰᠡᠨ ᠰᠢᠨ᠎ᠡ ᠰᠣᠷᠭᠤᠭ ᠮᠢᠬ᠎ᠠ ᠡᠳ᠋ᠰᠢᠭᠦᠯᠬᠦ᠂ ᠪᠣᠯᠭᠤᠭᠰᠠᠨ ᠢᠳᠡᠭᠡᠨ ᠢ ᠦᠢᠯᠡᠳᠬᠦ ᠶᠢ ᠶᠡᠬᠡᠪᠡᠷ | ᠬᠥᠭᠵᠢᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ ᠪᠠ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠨᠡᠷᠡᠲᠦ ᠲᠥᠷᠥᠯ ᠲᠡᠮᠳᠡᠭᠲᠦ ᠶᠢ ᠡᠭᠦᠳᠬᠦ᠂ | ᠠᠵᠢᠯᠯᠠᠭᠤᠯᠵᠤ ᠬᠠᠮᠢᠶᠠᠷᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠤᠨ | ᠰᠢᠯᠢᠳᠡᠭ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠥᠷᠥᠯ ᠲᠡᠮᠳᠡᠭᠲᠦ ᠶᠢ ᠴᠣᠭᠴᠠᠯᠠᠬᠤ ᠪᠠ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠶ᠂ | ᠳᠠᠶᠢᠴᠢᠯᠠᠬᠤ ᠴᠢᠳᠠᠪᠤᠷᠢ ᠪᠠᠷ ᠲᠣᠪᠤᠶᠢᠮ᠎ᠠ᠂ ᠦᠢᠯᠡᠳᠬᠦᠨ ᠤ ᠣᠨᠴᠠᠯᠢᠭ ᠢᠶᠠᠷ ᠢᠯᠡ ᠲᠣᠳᠣ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ᠂ ᠠᠵᠤ ᠠᠬᠤᠶᠢᠯᠠᠯ ᠤᠨ ᠨᠡᠷᠡᠲᠦ ᠲᠥᠷᠥᠯ ᠲᠡᠮᠳᠡᠭᠲᠦ᠂ | ᠦᠢᠯᠡᠳᠬᠦᠨ ᠤ ᠨᠡᠷᠡᠲᠦ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ | ᠦᠢᠯᠡᠰᠵᠢᠭᠦᠯᠦᠨ ᠡᠵᠡᠩᠨᠡᠬᠦ᠂ ᠨᠡᠷᠡᠲᠦ ᠲᠥᠷᠥᠯ ᠲᠡᠮᠳᠡᠭᠲᠦ ᠪᠠᠷ ᠡᠵᠡᠩᠨᠡᠨ ᠪᠣᠷᠣᠯᠠᠭᠤᠯᠬᠤ᠂ ᠠᠭᠤᠰᠤᠯᠴᠠᠨ | ᠬᠥᠭᠵᠢᠭᠰᠡᠨ ᠨᠡᠷᠡᠲᠦ ᠲᠥᠷᠥᠯ ᠲᠡᠮᠳᠡᠭᠲᠦ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ | ᠪᠠᠶᠢᠭᠤᠯᠤᠯᠲᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ᠂ ᠪᠡᠯᠡ ᠮᠥᠩᠭᠦ ᠵᠢᠴᠢ ᠦᠢᠯᠡᠴᠢᠯᠡᠭᠡᠨ ᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠶ᠃ ᠳᠠᠯᠳᠠ ᠬᠦᠴᠦᠨ ᠢᠶᠠᠷ ᠶᠡᠭᠡ᠂ ᠳᠠᠶᠢᠴᠢᠯᠠᠬᠤ | ᠬᠦᠴᠦᠨ ᠢᠶᠠᠷ ᠴᠢᠩᠭ᠎ᠠ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠵᠦ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠠᠬᠢᠭᠤᠯᠬᠤ | ᠬᠡᠷᠡᠭᠲᠡᠶ᠃ ︽ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠢ ᠠᠬᠢᠭᠤᠯᠵᠤ᠂ ︽ᠦᠵᠡᠰᠬᠦᠯᠡᠩᠲᠦ ᠰᠠᠶᠢᠬᠠᠨ | ᠥᠪᠥᠷ ᠮᠣᠩᠭᠤᠯ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ︾ ᠤ ᠨᠠᠷᠠᠲᠤ ᠲᠡᠮᠳᠡᠭ ᠤᠨ ᠳᠦᠷᠢ | ᠲᠥᠷᠬᠦ ᠶᠢ ᠱᠤᠭᠤᠵᠤ᠂ ᠨᠠᠷᠠᠲᠤ ᠲᠡᠮᠳᠡᠭᠲᠦ ᠶᠢ ᠡᠭᠦᠳᠬᠦ ᠶᠢ ᠴᠢᠩᠭᠠᠳᠬᠠᠨ᠎ᠠ᠃ ᠨᠠᠷᠠᠲᠤ ᠲᠥᠷᠥᠯ ᠲᠡᠮᠳᠡᠭᠲᠦ ᠶᠢᠨ | ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠲᠠᠨᠢᠨ ᠮᠡᠳᠡᠬᠦᠢ ᠶᠢᠨ ᠬᠡᠮᠵᠢᠶ᠎ᠡ ᠶᠢ ᠥᠷᠭᠡᠳᠬᠡᠨ᠎ᠡ᠃ | | ᠳᠥᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠬᠢᠷᠲᠤᠯ ᠦᠭᠡᠶ ᠣᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠳᠪᠦᠷᠢᠯᠡᠯ ᠤᠨ | ᠬᠡᠪᠴᠢᠶ᠎ᠡ ᠪᠠᠨ ᠥᠷᠭᠡᠳᠬᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ | ᠭᠤᠤᠯ ᠴᠣᠭᠴᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠠᠬᠤᠶᠢᠯᠠᠯ ᠪᠣᠯᠤᠨ ᠮᠠᠯᠴᠢᠨ | ᠲᠠᠷᠢᠶᠠᠴᠢᠨ ᠤ ᠲᠤᠰᠬᠠᠶ ᠬᠤᠷᠰᠢᠶ᠎ᠠ ᠶᠢ ᠬᠥᠲᠥᠯᠥᠨ ᠵᠢᠯᠣᠭᠤᠳᠴᠤ ᠪᠠᠶᠢᠭᠠᠳ ᠣᠷᠭᠠᠨᠢᠭ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠦᠭᠡᠶ ᠢᠳᠡᠭᠡᠨ ᠤ ᠵᠦᠢᠯ ᠢ ᠨᠡᠭᠡᠭᠡᠨ ᠬᠥᠭᠵᠢᠭᠦᠯᠵᠦ᠂ ᠳᠤᠮᠳᠠ | ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ ᠳᠤᠮᠳᠠ ᠪᠠᠭ᠎ᠠ ᠲᠦᠷᠦᠯ ᠲᠡᠮᠳᠡᠭ ᠤᠨ ᠪᠦᠯᠦᠭᠯᠡᠨ ᠬᠥᠭᠵᠢᠬᠦ ᠶᠢ ᠵᠣᠷᠢᠭᠵᠢᠭᠤᠯᠵᠤ᠂ | ᠬᠡᠪᠴᠢᠶᠡᠲᠦ ᠨᠥᠯᠥᠭᠡᠯᠡᠯ ᠲᠠᠢ ᠲᠣᠮᠣ ᠲᠦᠷᠦᠯ ᠲᠡᠮᠳᠡᠭ᠂ ᠲᠤᠮᠦ ᠠᠵᠤ ᠠᠬᠤᠶᠢᠯᠠᠯ᠂ ᠲᠣᠮᠣ ᠪᠦᠯᠦᠭᠯᠡᠯ ᠢ | ᠪᠤᠶᠢᠵᠢᠭᠤᠯᠤᠨ ᠪᠣᠶ ᠪᠣᠯᠭᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ᠂ | ᠡᠳᠰᠢᠭᠦᠯᠬᠦ᠂ ᠪᠣᠷᠣᠯᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠲᠠᠪᠴᠠᠩ ᠢ ᠪᠠᠶᠢᠭᠤᠯᠤᠨ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠵᠦ᠂ ᠬᠥᠲᠥᠴᠢ ᠠᠵᠤ ᠠᠬᠤᠶᠢᠯᠠᠯ ᠪᠣᠯᠤᠨ ᠬᠤᠳᠠᠯᠳᠤᠭ᠎ᠠ ᠬᠡᠲᠦ ᠳᠡᠯᠭᠡᠭᠦᠷ ᠤᠨ ᠭᠠᠷᠤᠯᠲᠠ ᠶᠢᠨ | ᠭᠠᠵᠠᠷ ᠠᠴᠠ ᠰᠢᠭᠤᠳ ᠮᠠᠯᠲᠠᠬᠤ ᠲᠣᠭᠲᠠᠴᠠ ᠶᠢ ᠪᠠᠶᠢᠭᠤᠯᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠤᠭᠰᠠᠨ ᠣᠳᠣ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ | ᠲᠠᠸᠠᠷ ᠤᠨ ᠭᠦᠢᠯᠭᠡᠭᠡ ᠪᠠ ᠦᠢᠯᠡᠴᠢᠯᠡᠭᠡᠨ ᠤ ᠲᠣᠤᠷ ᠰᠦᠯᠵᠢᠶ᠎ᠡ ᠶᠢ ᠬᠥᠭᠵᠢᠭᠦᠯᠵᠦ᠂ ᠨᠡᠩ ᠣᠯᠠᠨ ︽ᠥᠪᠥᠷ | ᠮᠣᠩᠭᠤᠯ ᠤᠨ ᠨᠡᠷ᠎ᠡ︾ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠮᠣ ᠵᠠᠬ᠎ᠠ | ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ︵ ᠦᠷᠬᠦᠯᠵᠢᠯᠡᠯ ᠪᠤᠢ︶ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |