︽ᠦᠵᠡᠯ ᠰᠠᠨᠠᠭ᠎ᠠ ᠶᠢ  ᠰᠤᠷᠤᠯᠴᠠᠨ ᠨᠠᠮᠴᠢ ᠴᠢᠨᠠᠷ ᠢ ᠴᠢᠩᠭᠠᠳᠬᠠᠵᠦ ᠦᠢᠯᠡᠳᠦᠯᠭᠡ ᠶᠢ  ᠴᠢᠬᠤᠯᠠᠴᠢᠯᠠᠨ ᠰᠢᠨ᠎ᠡ ᠭᠠᠪᠢᠶ᠎ᠠ ᠪᠠᠶᠢᠭᠤᠯᠤᠨ᠎ᠠ ︾ ᠳᠠᠭ᠎ᠠ ᠶᠢᠨ ᠨᠠᠭᠤᠷ ᠪᠠᠯᠭᠠᠰᠤ᠄ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠵᠦ ᠠᠷᠠᠳ ᠤᠨ ᠲᠥᠯᠥᠭᠡ ᠪᠣᠳᠠᠲᠤ ᠶᠠᠪᠤᠳᠠᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/11/18
   ᠬᠤᠶᠠᠳᠤᠭᠠᠷ ᠪᠦᠯᠦᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠳᠠᠭ᠎ᠠ ᠶᠢᠨ ᠨᠠᠭᠤᠷ ᠪᠠᠯᠭᠠᠰᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠶ ᠬᠢᠬᠦ᠂ ᠠᠷᠠᠳ ᠤᠨ ᠰᠡᠳᠬᠢᠯ ᠳᠤ ᠬᠠᠳᠠᠩᠰᠢᠭᠤᠯᠬᠤ ᠶᠠᠪᠤᠳᠠᠯ ᠢ ᠬᠦᠴᠦᠯᠡᠨ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠰᠡᠨ ᠶᠠᠪᠤᠳᠠᠯ ᠢ ᠰᠠᠶᠢᠲᠤᠷ ᠬᠢᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃
       ᠣᠶᠢᠷ᠎ᠠ ᠳᠤ᠂ ᠰᠤᠷᠪᠤᠯᠵᠢᠯᠠᠭᠴᠢ ᠳᠠᠭ᠎ᠠ ᠶᠢᠨ ᠨᠠᠭᠤᠷ ᠪᠠᠯᠭᠠᠰᠤᠨ ᠤ ᠰᠢ ᠶᠢᠩᠽᠢ ᠶᠡᠭᠡ ᠠᠩᠭᠢ ᠶᠢᠨ ᠰᠢᠨ᠎ᠡ ᠬᠥᠳᠡᠭᠡ ᠲᠣᠰᠬᠤᠨ ᠤ ᠠᠷᠠᠳ ᠵᠠᠩ ᠢᠦᠶ ᠯᠢᠨ ᠤ ᠬᠡᠷ ᠲᠤ ᠣᠷᠣᠬᠤ ᠳᠤ᠂ ᠬᠥᠮᠥᠷᠭᠡ ᠳᠠᠬᠢ ᠨᠢᠭᠡ ᠤᠭᠤᠲᠠ ᠪᠣᠷᠳᠤᠭ᠎ᠠ ᠲᠡᠷᠢ ᠲᠡᠭᠰᠢ ᠲᠠᠯᠪᠢᠭᠰᠠᠨ ᠢ ᠦᠵᠡᠭᠡᠳ᠂ ᠵᠠᠩ ᠢᠦᠶ ᠯᠢᠨ ᠶᠠᠭ ᠪᠡᠯᠡᠳᠬᠡᠭᠰᠡᠨ ᠪᠣᠷᠳᠤᠭ᠎ᠠ ᠪᠠᠨ ᠬᠤᠨᠢᠨ ᠬᠤᠩᠭᠢᠯ ᠳᠤ ᠬᠢᠵᠦ᠂ ᠭᠱᠠᠨ ᠵᠠᠭᠤᠷ᠎ᠠ ᠶᠢᠨ ᠬᠡᠳᠦᠨ ᠠᠷᠪᠠᠨ ᠬᠤᠨᠢ ᠪᠠᠨ ᠲᠢᠶᠠᠨᠵᠢᠨ ᠤ ᠠᠮᠲᠠ ᠲᠠᠢ ᠢᠳᠡᠭᠦᠯᠵᠦ ᠪᠠᠶᠢᠯ᠎ᠠ᠃ ᠡᠨᠡ ᠵᠢᠯ 61 ᠨᠠᠰᠤᠲᠠᠶ ᠵᠠᠩ ᠢᠦᠶ ᠯᠢᠨ ᠬᠤᠨᠢ ᠲᠡᠵᠢᠭᠡᠬᠦ ᠳᠤ ᠲᠦᠰᠢᠭᠯᠡᠨ ᠠᠮᠢᠳᠤᠷᠠᠵᠤ᠂ ᠲᠡᠷᠡ ᠬᠥᠭᠰᠢᠨ ᠲᠠᠢ ᠪᠠᠨ ᠨᠠᠰᠤ ᠠᠬᠢᠭᠰᠠᠨ ᠪᠣᠯᠬᠤᠷ ᠭᠠᠳᠠᠭᠰᠢ ᠭᠠᠷᠬᠤ ᠳᠠᠭᠠᠨ ᠮᠠᠰᠢ ᠳᠥᠭᠦᠮ ᠦᠭᠡᠢ᠂ ᠦᠷᠭᠦᠯᠵᠢ ᠬᠤᠨᠢ ᠲᠡᠵᠢᠭᠡᠬᠦ ᠲᠡᠵᠢᠭᠡᠯ ᠪᠣᠷᠳᠤᠭ᠎ᠠ ᠲᠠᠲᠠᠵᠤ ᠳᠡᠶᠢᠯᠬᠦ ᠦᠭᠡᠢ ᠪᠠᠶᠢᠭᠰᠠᠨ ᠪᠣᠯᠬᠤᠷ ᠰᠢ ᠶᠢᠩᠽᠢ ᠲᠣᠰᠬᠤᠨ ᠤ ᠠᠷᠠᠳ ᠤᠨ ᠵᠥᠪᠯᠡᠯ ᠲᠡᠭᠦᠨ ᠤ ᠬᠦᠴᠢᠷᠳᠡᠯ ᠢ ᠮᠡᠳᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠲᠡᠭᠦᠨ ᠢ ᠬᠠᠪᠰᠤᠷᠤᠨ ᠲᠡᠵᠢᠭᠡᠯ ᠪᠣᠷᠳᠤᠭ᠎ᠠ ᠬᠤᠳᠠᠯᠳᠤᠨ ᠠᠪᠴᠤ ᠥᠭᠴᠦ᠂ ᠨᠢᠳᠦᠨ ᠡᠮᠦᠨᠡᠬᠢ ᠬᠦᠴᠢᠷᠳᠡᠯ ᠢ ᠨᠢ ᠦᠨᠡᠨ ᠬᠦ ᠰᠢᠢᠳᠪᠦᠷᠢᠯᠡᠵᠦ ᠥᠭᠭᠦᠭᠰᠡᠨ ᠪᠠᠶᠢᠨ᠎ᠠ  ᠃    ᠰᠢᠨ᠎ᠡ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠡᠷᠬᠢᠨ ᠲᠣᠭᠤᠷᠢᠨ ᠤ ᠵᠠᠮ ᠣᠯᠠᠨ᠂ ᠨᠠᠭᠠᠰᠢ ᠴᠠᠭᠠᠰᠢ ᠶᠠᠪᠤᠬᠤ ᠲᠡᠷᠭᠡ ᠨᠡᠯᠢᠶᠡᠳ ᠣᠯᠠᠨ ᠪᠠᠶᠢᠵᠤ᠂ ᠨᠠᠰᠤᠲᠠᠶᠢᠴᠤᠳ ᠦᠷᠭᠦᠯᠵᠢ ᠭᠤᠷᠪᠠᠨ ᠡᠭᠡᠯᠵᠢ ᠪᠠᠷ ᠴᠠᠬᠢᠯᠭᠠᠨ ᠭᠠᠷᠭᠠᠵᠤ᠂ ᠢᠯᠠᠩᠭᠤᠶ᠎ᠠ ᠰᠥᠨᠢ ᠪᠠᠷ ᠮᠠᠰᠢ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ ᠃ ᠰᠢ ᠶᠢᠩᠽᠢ ᠲᠣᠰᠬᠤᠨ ᠤ ᠠᠷᠠᠳ ᠤᠨ ᠵᠥᠪᠯᠡᠯ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ᠂ ᠰᠤᠷᠪᠤᠯᠵᠢᠯᠠᠨ ᠰᠠᠨᠠᠯ ᠰᠣᠨᠣᠰᠬᠤ ᠪᠠᠷ ᠳᠠᠮᠵᠢᠨ᠂ ᠵᠢᠷᠭᠠᠯ ᠤᠨ ᠬᠦᠷᠢᠶᠡᠯᠡᠩ ᠤᠨ 110 ᠡᠷᠦᠬᠡ ᠶᠢᠨ 100 ᠰᠢᠬᠠᠮ ᠴᠠᠬᠢᠯᠭᠠᠨ ᠭᠤᠷᠪᠠᠨ ᠬᠦᠷᠳᠦᠲᠦ ᠴᠠᠭᠠᠰᠤ ᠳᠤ ᠨᠠᠭᠠᠵᠤ᠂ ᠨᠠᠰᠤᠲᠠᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠪᠠ ᠃ ᠵᠢᠵᠢᠭ ᠰᠠᠵᠢᠭ ᠰᠦᠨᠢ ᠶᠢᠨ ᠵᠢᠷᠤᠭᠠᠰᠤ ᠨᠢ ᠤᠯᠠᠨ ᠲᠦᠮᠡᠨ ᠳᠤ ︽ᠠᠮᠤᠷ ᠲᠦᠪᠰᠢᠨ ᠤ ᠵᠠᠮ︾ ᠢ ᠳᠡᠪᠢᠰᠴᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠳᠤᠮᠳᠠ᠂ ᠳᠠᠭ᠎ᠠ ᠶᠢᠨ ᠨᠠᠭᠤᠷ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠲᠤᠰ ᠤᠨ ᠲᠤᠰᠬᠠᠢ ᠮᠡᠷᠭᠡᠵᠢᠯ ᠤᠨ ᠳᠠᠷᠤᠭ᠎ᠠ ᠪᠣᠯᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠪᠣᠯᠤᠨ ᠬᠦᠰᠡᠯ ᠱᠠᠭᠠᠷᠳᠠᠯᠭ᠎ᠠ ᠶᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠲᠠᠩᠰᠠ ᠪᠣᠯᠭᠠᠨ ᠬᠤᠪᠢᠷᠠᠭᠤᠯᠵᠤ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠪᠡ᠃ ᠣᠲᠣ ᠪᠣᠯᠲᠠᠯ᠎ᠠ᠂ ᠨᠡᠶᠢᠲᠡ 82 ᠠᠰᠠᠭᠤᠳᠠᠯ ᠢ ᠬᠤᠷᠢᠶᠠᠩᠭᠤᠶᠢᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠨᠢᠭᠡᠨᠲᠡ ᠰᠢᠶ᠋ᠳᠪᠦᠷᠢᠯᠡᠪᠡ᠃    ᠳᠠᠭ᠎ᠠ ᠶᠢᠨ ᠨᠠᠭᠤᠷ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ ᠸᠠᠩ ᠶᠦᠩ ᠵᠢᠶᠦ᠋ᠨ    ᠳᠠᠷᠠᠭᠠᠴᠢ ᠶᠢᠨ ᠠᠯᠬᠤᠮ ᠳᠤ᠂ ᠪᠦᠬᠦ ᠪᠠᠯᠭᠠᠰᠤ ᠪᠠᠷ ᠢᠶᠠᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠪᠠ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠪᠠᠷ ᠴᠢᠷᠮᠠᠶᠢᠨ᠎ᠠ  ᠭᠡᠪᠡ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2