ᠲᠠᠪᠤᠳᠤᠭᠠᠷ ᠪᠦᠯᠦᠭ ᠦᠷ᠎ᠡ ᠶᠢᠨ ᠦᠢᠯᠡᠰ ᠤᠨ ᠬᠥᠭᠵᠢᠯᠲᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠨᠣᠭᠯᠠᠯ ᠤᠨ ᠰᠢᠰᠲ᠋ᠧᠮᠵᠢ ᠶᠢᠨ ᠪᠠᠶᠢᠭᠤᠯᠤᠯᠲᠠ | ᠳᠥᠴᠢᠨ ᠬᠤᠶᠠᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠶᠢᠨ ᠦᠢᠯᠡᠰ ᠤᠨ ᠬᠥᠭᠵᠢᠯᠲᠡ ᠶᠢ | ᠭᠦᠨᠵᠡᠭᠡᠶ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ | ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠨᠠᠷ ᠰᠠᠶᠢᠲᠠᠶ ᠪᠠᠶᠢᠭᠤᠯᠬᠤ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠦᠷ᠎ᠡ ᠡᠭᠦᠯᠳᠡᠷ ᠬᠠᠮᠠᠭᠠᠯᠠᠬᠤ᠂ ᠦᠷ᠎ᠡ ᠪᠤᠶᠢᠵᠢᠭᠤᠯᠬᠤ᠂ ᠦᠷ᠎ᠡ | ᠪᠤᠶᠢᠵᠢᠭᠤᠯᠬᠤ᠂ ᠦᠷ᠎ᠡ ᠬᠡᠷᠡᠭᠯᠡᠬᠦ ᠪᠦᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠂ ᠦᠷ᠎ᠡ ᠡᠳ᠋ ᠤᠨ ᠡᠬᠢ | ᠪᠠᠶᠠᠯᠢᠭ ᠢ ᠨᠡᠶᠢᠳᠡᠮ ᠪᠠᠶᠢᠴᠠᠭᠠᠬᠤ᠂ ᠬᠢᠨᠠᠨ ᠲᠣᠭᠲᠠᠭᠠᠬᠤ᠂ ᠳᠠᠩᠰᠠᠯᠠᠨ ᠲᠡᠮᠳᠡᠭᠯᠡᠬᠦ᠂ ᠬᠢᠨᠠᠨ ᠬᠡᠮᠵᠢᠬᠦ ᠵᠡᠷᠭᠡ | ᠠᠵᠢᠯ ᠢ ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠤᠪᠣᠷ ᠴᠤᠬᠠᠭ᠂ ᠲᠦᠭᠰᠢᠭᠦᠷᠢᠳᠡᠭᠰᠡᠨ᠂ ᠣᠨᠴᠠ ᠪᠠᠶᠢᠭ᠎ᠠ ᠡᠬᠢ ᠪᠠᠶᠠᠯᠢᠭ ᠪᠣᠯᠤᠨ ᠣᠨᠴᠠᠯᠢᠭᠲᠤ ᠣᠷᠣᠨ | ᠨᠤᠲᠤᠭ ᠤᠨ ᠡᠭᠦᠯᠳᠡᠷ ᠢ ᠴᠤᠭᠯᠠᠭᠤᠯᠵᠤ᠂ ᠠᠭᠤᠳᠠᠯᠠᠵᠤ᠂ ᠠᠰᠢᠭᠯᠠᠵᠤ᠂ ᠠᠮᠢᠳᠤ ᠪᠣᠳᠠᠰ ᠤᠨ ᠦᠷ᠎ᠡ | ᠪᠤᠶᠢᠵᠢᠭᠤᠯᠬᠤ ᠠᠵᠤ ᠤᠶᠢᠯᠡᠰᠴᠢᠯᠡᠯᠳᠡ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠦᠷ᠎ᠡ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠣᠳᠣᠬᠢᠴᠢᠯᠠᠭᠰᠠᠨ ᠲᠠᠷᠢᠮᠠᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ᠂ ᠮᠠᠯ ᠵᠢᠭᠦᠷᠲᠡᠨ ᠤ | ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠤᠨ ᠡᠪᠡᠰᠦᠨ ᠦᠷ᠎ᠡ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠷ᠎ᠡ ᠪᠤᠶᠢᠵᠢᠭᠤᠯᠬᠤ | ᠰᠠᠭᠤᠷᠢ ᠴᠢᠨᠠᠷᠲᠠᠶ᠂ ᠤᠷᠢᠳᠠᠴᠢ ᠴᠢᠨᠠᠷᠲᠠᠶ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠶᠢ | ᠳᠡᠮᠵᠢᠵᠦ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠠᠯᠠᠰᠢᠨ ᠦᠬᠡᠷ᠂ ᠠᠯᠠᠰᠢᠨ ᠬᠤᠨᠢ᠂ ᠴᠠᠷᠭᠠᠰᠤ᠂ | ᠬᠢᠶᠠᠭ ᠵᠡᠷᠭᠡ ᠦᠷ᠎ᠡ ᠪᠤᠶᠢᠵᠢᠭᠤᠯᠬᠤ ᠪᠣᠭᠤᠮᠲᠠ ᠰᠢᠪᠲᠤᠯᠬᠤ ᠶᠢ ᠥᠷᠨᠢᠭᠦᠯᠵᠦ᠂ ᠡᠭᠦᠯᠳᠡᠷ ᠤᠨ ᠦᠬᠡᠷ ᠤᠨ | ᠢᠷᠡᠯᠲᠡ ᠶᠢᠨ ᠰᠠᠭᠤᠷᠢᠨ ᠭᠠᠵᠠᠷ ᠪᠣᠯᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ᠂ ᠦᠷ᠎ᠡ ᠬᠠᠮᠠᠭᠠᠯᠠᠬᠤ | ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ᠃ ᠲᠠᠷᠢᠮᠠᠯ᠂ ᠮᠠᠯ ᠵᠢᠭᠦᠷᠲᠡᠨ ᠪᠠ ᠲᠡᠵᠢᠭᠡᠯ | ᠡᠪᠡᠰᠦᠨ ᠤ ᠰᠢᠯᠢᠳᠡᠭ ᠡᠭᠦᠯᠳᠡᠷ ᠢ ᠪᠤᠶᠢᠵᠢᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠪᠠ ᠰᠢᠯᠢᠳᠡᠭ ᠡᠭᠦᠯᠳᠡᠷ ᠢ ᠳᠡᠯᠭᠡᠷᠡᠭᠦᠯᠬᠦ ᠶᠢ ᠠᠬᠢᠭᠤᠯᠵᠤ᠂ ᠰᠠᠶᠢᠨ ᠡᠭᠦᠯᠳᠡᠷ ᠲᠠᠢ | ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠥᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠮᠠᠯ ᠢ ︽ᠴᠢᠨᠠᠷ ᠰᠠᠶᠢᠲᠠᠶ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠂ ᠰᠢᠨ᠎ᠡ ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ ᠪᠠ ᠠᠶᠤᠯ ᠦᠭᠡᠶ ᠴᠢᠨᠠᠷ ᠢ ᠬᠢᠨᠠᠨ ᠬᠡᠮᠵᠢᠬᠦ ᠶᠢ | ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠪᠦᠰᠡ ᠨᠢ | ᠡᠯ᠎ᠡ ᠲᠥᠷᠥᠯ ᠤᠨ ᠮᠠᠯ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠢᠳᠡᠭ | ᠡᠭᠦᠯᠳᠡᠷ ᠤᠨ ᠳᠠᠷᠠᠭ᠎ᠠ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠬᠦ ᠶᠢ ᠵᠣᠷᠢᠭᠵᠢᠭᠤᠯᠤᠨ᠂ | ᠰᠢᠯᠢᠳᠡᠭ ᠰᠠᠶᠢᠨ ᠲᠠᠷᠢᠮᠠᠯ ᠪᠣᠯᠤᠨ ᠮᠠᠯ ᠵᠢᠭᠦᠷᠲᠡᠨ ᠤ ᠡᠭᠦᠯᠳᠡᠷ ᠢ ᠳᠡᠯᠭᠡᠷᠡᠭᠦᠯᠬᠦ ᠶᠢ ᠠᠬᠢᠭᠤᠯᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠢᠶᠠᠷ ᠭᠤᠤᠯ ᠴᠣᠭᠴᠠ | ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠮᠵᠢᠯᠴᠠᠨ ᠰᠢᠨ᠎ᠡ ᠶᠢ ᠡᠭᠦᠳᠬᠦ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠦ ᠶᠢᠨ ᠦᠢᠯᠡᠰ᠂ ᠡᠪᠡᠰᠦᠨ ᠤ ᠦᠢᠯᠡᠰ ᠵᠡᠷᠭᠡ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠪᠠ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠬᠥᠲᠥᠯᠥᠨ ᠵᠢᠯᠣᠭᠤᠳᠴᠤ | ᠪᠠᠶᠢᠭᠠᠳ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠡᠷᠴᠢᠮᠵᠢᠯᠲᠡ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠲᠠᠷᠢᠵᠤ ᠲᠡᠵᠢᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠵᠢᠴᠢ ᠬᠤᠷᠠᠮᠠᠯ | ᠰᠢᠨ᠎ᠡ ᠶᠢ ᠡᠭᠦᠳᠬᠦ ᠬᠡᠷᠡᠭᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠯᠵᠢᠭᠦᠯᠦᠨ ᠤᠯᠠᠷᠢᠭᠤᠯᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠠᠷᠢᠶᠠᠨ ᠭᠠᠵᠠᠷ ᠢ ᠪᠤᠶᠢᠵᠢᠭᠤᠯᠬᠤ ᠬᠢᠭᠡᠳ ᠡᠬᠢ ᠪᠠᠶᠠᠯᠢᠭ ᠢ | ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂ ᠣᠳᠣ ᠦ᠊ ᠡᠶ᠎ᠡ ᠶᠢᠨ ᠪᠤᠶᠢᠵᠢᠭᠤᠯᠬᠤ ᠬᠢᠭᠡᠳ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠥᠨᠳᠥᠷ ᠦᠷ᠎ᠡ ᠪᠦᠲᠦᠮᠵᠢᠲᠡᠶ ᠪᠠᠷ ᠦᠷᠡᠵᠢᠭᠦᠯᠬᠦ ᠬᠢᠭᠡᠳ | ᠤᠶᠤᠨᠴᠢᠯᠠᠨ ᠲᠡᠵᠢᠭᠡᠨ ᠦᠷᠡᠵᠢᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠠᠰᠢᠭᠯᠠᠬᠤ ᠵᠡᠷᠭᠡ ᠬᠦᠷᠢᠶᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠬᠦ ᠪᠠ ᠬᠡᠷᠡᠭᠯᠡᠵᠦ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ᠂ ᠣᠶᠤᠨᠴᠢ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠶ᠃ | ᠳᠥᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠴᠢᠨ ᠮᠠᠯᠴᠢᠳ ᠪᠣᠯᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠪᠥᠭᠡᠳ ᠬᠡᠷᠡᠭᠯᠡᠭᠡᠨ ᠤ ᠲᠠᠷᠢᠶᠠᠯᠠᠩ | ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠨ ᠬᠥᠲᠥᠯᠥᠨ ᠵᠢᠯᠣᠭᠤᠳᠴᠤ᠂ | ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠪᠦᠬᠦ ᠶᠠᠪᠤᠴᠠ ᠳᠤ ᠪᠦᠬᠦ ᠲᠠᠯ᠎ᠠ ᠪᠠᠷ ᠴᠢᠨᠠᠷ ᠰᠠᠶᠢᠲᠠᠶ | ᠥᠨᠳᠥᠷ ᠦᠷ᠎ᠡ ᠪᠦᠲᠦᠮᠵᠢᠲᠡᠶ ᠬᠥᠭᠵᠢᠬᠦ ᠶᠢ ᠬᠥᠲᠥᠯᠥᠨ ᠵᠢᠯᠣᠭᠤᠳᠴᠤ ᠲᠦᠯᠬᠢᠨ ᠠᠬᠢᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ ᠡᠵᠡᠩᠨᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ | ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠮᠠᠯᠵᠢᠬᠤ ᠲᠠᠷᠢᠶᠠᠯᠠᠬᠤ | ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠶᠢᠭᠡᠮᠴᠢᠯᠡᠭᠰᠡᠨ | ᠦᠢᠯᠡᠴᠢᠯᠡᠭᠡᠨ ᠢ ᠴᠢᠩᠭᠠᠳᠬᠠᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠰᠢᠰᠲ᠋ᠧᠮᠵᠢ ᠶᠢ ᠴᠢᠨᠠᠷ ᠰᠠᠶᠢᠲᠠᠶ ᠪᠠᠶᠢᠭᠤᠯᠬᠤ ᠬᠡᠷᠡᠭᠲᠡᠶ᠃ | ᠲᠠᠪᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ᠂ | ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠬᠠᠮᠢᠶᠠᠷᠤᠯᠲᠠ ᠪᠣᠯᠤᠨ | ᠦᠢᠯᠡᠴᠢᠯᠡᠭᠡ ᠪᠠᠨ ᠴᠢᠩᠭᠠᠳᠬᠠᠨ᠂ ᠭᠠᠵᠠᠷ ᠰᠢᠷᠣᠶ᠂ ᠬᠠᠳᠤᠯᠠᠩ ᠪᠡᠯᠴᠢᠭᠡᠷ ᠤᠨ ᠡᠵᠡᠩᠨᠡᠬᠦ ᠡᠷᠬᠡ ᠶᠢ ᠬᠠᠤᠯᠢ | ᠶᠣᠰᠣᠭᠠᠷ ᠡᠮᠬᠢ ᠵᠢᠷᠤᠮ ᠲᠠᠢ ᠪᠠᠷ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ ᠳᠡᠮᠵᠢᠵᠦ᠂ ᠳᠠᠭᠠᠭᠠᠴᠢᠯᠠᠭᠰᠠᠨ | ᠲᠠᠷᠢᠶᠠᠯᠠᠬᠤ ᠮᠠᠯᠵᠢᠬᠤ ᠡᠷᠦᠬᠡ ᠶᠢᠨ ᠰᠠᠶᠢᠨ ᠳᠤᠷ᠎ᠠ ᠠᠴᠠ ᠪᠠᠨ ᠪᠠᠶᠢᠬᠤ ᠤᠷᠢᠲᠠᠯ ᠳᠣᠤᠷ᠎ᠠ᠂ ᠣᠯᠠᠨ ᠵᠦᠢᠯ ᠤᠨ | ᠬᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠶ ᠠᠵᠤ | ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠡᠷᠭᠢᠯᠳᠦᠭᠦᠯᠬᠦ ᠪᠠᠷ ᠳᠠᠮᠵᠢᠨ | ᠭᠠᠵᠠᠷ ᠰᠢᠷᠣᠶ᠂ ᠬᠠᠳᠤᠯᠠᠩ ᠪᠡᠯᠴᠢᠭᠡᠷ ᠤᠨ ᠡᠵᠡᠩᠨᠡᠬᠦ ᠡᠷᠬᠡ ᠣᠯᠬᠤ ᠬᠢᠷᠢ ᠭᠡᠮ ᠢ ᠬᠢᠨᠠᠨ ᠪᠠᠶᠢᠴᠠᠭᠠᠬᠤ᠂ ᠲᠥᠷᠥᠯ | ᠵᠦᠢᠯ ᠢ ᠬᠢᠨᠠᠬᠤ ᠪᠠ ᠲᠦᠭᠰᠢᠭᠦᠷᠢ ᠶᠢ ᠰᠡᠷᠭᠡᠶᠢᠯᠡᠬᠦ ᠳᠦᠷᠢᠮ ᠢ ᠪᠦᠷᠢᠨᠰᠢᠭᠦᠯᠬᠦ ᠬᠡᠷᠡᠭᠲᠡᠶ ᠲᠠᠷᠢᠶᠠᠯᠠᠬᠤ ᠮᠠᠯᠵᠢᠬᠤ | ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ | ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠲᠠᠷᠢᠶᠠᠴᠢᠨ ᠮᠠᠯᠴᠢᠳ ᠤᠨ ᠠᠰᠢᠭ ᠲᠤᠰᠠ ᠶᠢ ᠦᠨᠡᠨᠬᠦ | ᠪᠠᠲᠤᠯᠠᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠬᠤ | ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠠᠪᠤᠳᠠᠯ ᠢ ᠵᠣᠬᠢᠶᠠᠨ | ᠪᠠᠶᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ | ᠵᠢᠯᠣᠭᠤᠳᠴᠤ ᠪᠠᠶᠢᠭᠠᠳ ᠠᠵᠢᠯᠯᠠᠭᠠᠨ ᠤ ᠲᠣᠭᠲᠠᠴᠠ ᠪᠣᠯᠤᠨ ᠠᠰᠢᠭ ᠣᠯᠵᠠᠪᠤᠷᠢ ᠶᠢ ᠬᠤᠪᠢᠶᠠᠷᠢᠯᠠᠬᠤ | ᠲᠣᠭᠲᠠᠴᠠ ᠶᠢ ᠪᠦᠷᠢᠨᠰᠢᠭᠦᠯᠵᠦ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠶ ᠶᠢ ᠲᠦᠷᠢᠶᠡᠰᠦᠯᠡᠭᠦᠯᠬᠦ᠂ | ᠵᠣᠬᠢᠴᠠᠭᠤᠯᠬᠤ ᠦᠢᠯᠡᠴᠢᠯᠡᠭᠡ᠂ ᠡᠳ᠋ ᠬᠥᠷᠥᠩᠭᠡ ᠬᠡᠷᠡᠭᠯᠡᠬᠦ ᠡᠷᠬᠡ ᠪᠠᠷ ᠬᠤᠪᠢ ᠣᠷᠣᠬᠤ ᠵᠡᠷᠭᠡ ᠲᠦᠭᠰᠢᠭᠦᠷᠢ ᠪᠠᠷ | ᠨᠡᠯᠢᠶᠡᠳ ᠪᠠᠭ᠎ᠠ᠂ ᠠᠰᠢᠭ ᠣᠯᠵᠠᠪᠤᠷᠢ ᠪᠠᠷ ᠲᠣᠭᠲᠠᠭᠤᠨ ᠡᠵᠡᠩᠨᠡᠯᠲᠡ ᠶᠢᠨ ᠠᠵᠢᠯᠯᠠᠭ᠎ᠠ ᠶᠢ ᠯᠠᠪᠳᠠᠭᠤᠨ ᠢᠶᠠᠷ | ᠥᠷᠨᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ | ᠣᠷᠣᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠤᠰ᠂ ᠲᠠᠷᠢᠶᠠᠯᠠᠬᠤ | ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠨ ᠮᠠᠯᠴᠢᠳ ᠤᠨ | ᠠᠰᠢᠭ ᠲᠤᠰᠠ ᠶᠢ ᠵᠡᠷᠭᠡ ᠳᠤᠨᠢ ᠬᠠᠷᠠᠭᠠᠯᠵᠠᠭᠰᠠᠨ ᠭᠠᠵᠠᠷ ᠰᠢᠷᠣᠶ ᠶᠢᠨ ᠥᠷᠲᠡᠭ ᠨᠡᠮᠡᠭᠳᠡᠯ ᠤᠨ ᠠᠰᠢᠭ | ᠣᠯᠵᠠᠪᠤᠷᠢ ᠶᠢ ᠪᠦᠲᠦᠮᠵᠢᠲᠡᠶ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠲᠠᠪᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠬᠤ | ᠮᠠᠯᠵᠢᠬᠤ ᠣᠷᠣᠨ ᠤ ᠡᠬᠢ ᠪᠠᠶᠠᠯᠢᠭ ᠪᠣᠯᠤᠨ ᠠᠮᠢ ᠠᠬᠤᠶ ᠶᠢᠨ ᠳᠠᠪᠠᠭᠤᠯᠢᠭ ᠢ ᠠᠰᠢᠭᠯᠠᠨ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠤᠶᠢᠯᠡᠰᠴᠢᠯᠡᠯᠳᠡ ᠶᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠬᠥᠭᠵᠢᠭᠦᠯᠦᠨ | ᠪᠤᠶᠢᠵᠢᠭᠤᠯᠵᠤ᠂ ᠲᠤᠰ ᠭᠠᠵᠠᠷ ᠤᠨ ᠢᠶᠠᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠬᠦ ᠪᠠ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠵᠡᠷᠭᠡ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠤᠨ᠂ ᠲᠠᠷᠢᠵᠤ ᠲᠡᠵᠢᠭᠡᠬᠦ | ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠵᠢᠷᠤᠮᠵᠢᠭᠤᠯᠤᠭᠰᠠᠨ᠂ ᠲᠥᠷᠥᠯ ᠲᠡᠮᠳᠡᠭᠵᠢᠭᠦᠯᠦᠭᠰᠡᠨ᠂ ᠲᠣᠭᠠᠴᠢᠯᠠᠭᠰᠠᠨ᠂ | ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠳᠡᠮᠵᠢᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯᠴᠢᠨ ᠲᠠᠷᠢᠶᠠᠴᠢᠨ ᠤ | ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠳᠡᠮᠵᠢᠨ ᠬᠥᠭᠵᠢᠭᠦᠯᠵᠦ᠂ ᠮᠠᠯᠴᠢᠨ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢᠨ ᠠᠵᠤ ᠠᠬᠤᠶᠢᠯᠠᠯ ᠡᠷᠭᠢᠯᠡᠵᠦ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠶᠢ ᠬᠥᠭᠵᠢᠭᠦᠯᠬᠦ ᠶᠢ ᠵᠣᠷᠢᠭᠵᠢᠭᠤᠯᠵᠤ᠂ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠵᠢᠯᠣᠭᠤᠳᠬᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠰᠢᠭ ᠲᠤᠰᠠ ᠶᠢ ᠬᠤᠯᠪᠣᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠲᠥᠴᠢ ᠠᠵᠤ ᠠᠬᠤᠶᠢᠯᠠᠯ ᠬᠥᠲᠥᠯᠦᠨ ᠳᠠᠭᠠᠭᠤᠯᠬᠤ᠂ ᠮᠠᠯᠴᠢᠨ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠳᠠᠭᠠᠬᠤ᠂ | ᠵᠢᠵᠢᠭ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠴᠠᠭᠰᠠᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ | ᠲᠠᠪᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠪᠤᠶᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠂ ᠠᠵᠢᠯ ᠲᠥᠷᠥᠯ ᠤᠨ ᠵᠢᠯᠣᠭᠤᠳᠤᠯᠭ᠎ᠠ ᠪᠠᠨ | ᠴᠢᠩᠭᠠᠳᠬᠠᠵᠤ᠂ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠶ ᠲᠣᠬᠢᠷᠠᠭᠤᠯᠤᠨ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠢᠯᠡᠴᠢᠯᠡᠭᠡᠨ ᠤ ᠪᠠᠷᠢᠮᠵᠢᠶ᠎ᠠ ᠪᠣᠯᠤᠨ ᠵᠢᠷᠤᠮᠵᠢᠯ ᠢ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠠᠵᠢᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠂ | ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ | ᠃ | ᠲᠠᠪᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠦᠬᠦ᠋ᠢᠯᠡ ᠰᠢᠶᠠᠩ ᠢ | ᠲᠥᠪᠯᠡᠷᠡᠭᠦᠯᠦᠨ ᠵᠠᠯᠭᠠᠯᠳᠤᠭᠤᠯᠤᠨ ᠨᠡᠶᠢᠭᠡᠮᠴᠢᠯᠡᠭᠰᠡᠨ ᠦᠢᠯᠡᠴᠢᠯᠡᠭᠡᠨ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠣᠷᠣᠯᠠᠨ ᠲᠠᠷᠢᠵᠤ ᠠᠷᠠᠴᠢᠯᠠᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ ᠶᠠᠪᠤᠴᠠ ᠶᠢ ᠨᠠᠶᠢᠳᠠᠨ | ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ ᠬᠥᠭᠵᠢᠭᠦᠯᠵᠦ᠂ ᠭᠠᠵᠠᠷ ᠰᠢᠷᠣᠶ ᠶᠢ | ᠲᠥᠪᠯᠡᠷᠡᠭᠦᠯᠦᠨ ᠵᠠᠯᠭᠠᠯᠳᠤᠭᠤᠯᠤᠨ ᠡᠵᠡᠩᠨᠡᠬᠦ ᠪᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠭᠪᠤᠷ ᠢ | ᠳᠡᠯᠭᠡᠷᠡᠭᠦᠯᠦᠨ᠂ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠥᠪᠡᠷ ᠤᠨ ᠥᠷᠲᠡᠭ ᠢ ᠠᠷᠪᠢᠯᠠᠨ ᠦᠷ᠎ᠡ | ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠨ | ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠵᠠᠰᠠᠭ ᠤᠨ | ᠣᠷᠳᠣᠨ ᠤ ᠦᠢᠯᠡᠴᠢᠯᠡᠭᠡᠨ ᠤ ᠦᠢᠯᠡᠳᠦᠯ ᠪᠠ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠣᠭᠠᠨ ᠬᠤᠳᠠᠯᠳᠤᠭ᠎ᠠ ᠲᠠᠷᠢᠶᠠᠯᠠᠩ ᠢ ᠬᠥᠭᠵᠢᠭᠦᠯᠬᠦ︾ ᠪᠠ ︽ᠢᠨᠲ᠋ᠧᠷ | ᠰᠦᠯᠵᠢᠶ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠰᠬᠤᠨ ᠠᠴᠠ ᠬᠤᠲᠠ ᠣᠷᠣᠭᠤᠯᠬᠤ | ᠢᠨᠵᠧᠨᠧᠷᠢᠩ ᠢ ᠬᠡᠷᠡᠭᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠯᠧᠺᠲᠷᠣᠨ | ᠬᠤᠳᠠᠯᠳᠤᠭ᠎ᠠ ᠪᠠᠷ ᠰᠢᠭᠤᠳ ᠬᠤᠳᠠᠯᠳᠤᠨ ᠠᠪᠬᠤ᠂ ᠵᠠᠬᠢᠶᠠᠯᠠᠨ ᠦᠢᠯᠡᠳᠪᠦᠷᠢᠯᠡᠬᠦ ᠵᠡᠷᠭᠡ ᠵᠠᠭᠪᠤᠷ ᠢ ᠵᠣᠷᠢᠭᠵᠢᠭᠤᠯᠤᠨ | ᠬᠥᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠬᠦ ᠡᠯᠧᠺᠲᠷᠣᠨ | ᠬᠤᠳᠠᠯᠳᠤᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠡᠶ᠎ᠡ ᠪᠠᠨ ᠳᠠᠭᠠᠭᠠᠭᠰᠠᠨ | ᠦᠵᠦᠭᠦᠷ ᠤᠨ ᠪᠣᠷᠣᠯᠠᠭᠤᠯᠭ᠎ᠠ ᠶᠢᠨ ᠲᠣᠤᠷ ᠰᠦᠯᠵᠢᠶ᠎ᠡ ᠶᠢᠨ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ | ᠪᠣᠷᠣᠯᠠᠭᠤᠯᠭ᠎ᠠ ᠪᠠᠷ ᠦᠢᠯᠡᠳᠪᠦᠷᠢᠯᠡᠯ ᠢ ᠠᠬᠢᠭᠤᠯᠬᠤ᠂ ᠦᠢᠯᠡᠳᠪᠦᠷᠢᠯᠡᠵᠦ ᠪᠣᠷᠣᠯᠠᠭᠤᠯᠬᠤ ᠶᠢ ᠬᠠᠮᠲᠤᠷᠠᠭᠤᠯᠬᠤ | ᠠᠷᠭ᠎ᠠ ᠵᠠᠮ ᠢ ᠪᠣᠶ ᠪᠣᠯᠭᠠᠬᠤ ᠬᠡᠷᠡᠭᠲᠡᠶ᠃ | ᠳᠣᠯᠣᠳᠤᠭᠠᠷ ᠪᠦᠯᠦᠭ ᠪᠣᠬᠢᠷᠲᠤᠯ ᠦᠭᠡᠢ ᠬᠥᠭᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ | ᠲᠠᠪᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠥᠨᠳᠥᠷ ᠦᠷ᠎ᠡ | ᠠᠰᠢᠭ ᠲᠠᠢ ᠲᠠᠷᠢᠶᠠᠯᠠᠩ ᠪᠠ ᠠᠮᠢ ᠠᠬᠤᠢ ᠶᠢᠨ ᠮᠠᠯ ᠠᠵᠤ ᠠᠬᠤᠢ ᠶᠢ ᠬᠥᠭᠵᠢᠭᠦᠯᠵᠦ᠂ ᠭᠠᠷᠤᠯᠲᠠ ᠶᠢᠨ ᠣᠷᠣᠨ ᠤ | ᠣᠷᠴᠢᠨ ᠲᠣᠭᠤᠷᠢᠨ ᠢ ᠴᠡᠪᠡᠷᠰᠢᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ | ᠦᠭᠡᠢ ᠬᠥᠭᠵᠢᠯᠲᠡ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠤᠰᠤᠨ ᠤ ᠡᠬᠢ ᠪᠠᠶᠠᠯᠢᠭ | ᠪᠣᠯᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠᠷ ᠬᠠᠲᠠᠭᠤ ᠬᠢᠵᠠᠭᠠᠷᠯᠠᠯ ᠪᠣᠯᠭᠠᠨ᠂ ᠤᠰᠤ ᠪᠠᠷ | ᠭᠠᠷᠤᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠶᠠᠪᠤᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠪᠣᠯᠤᠨ ᠬᠦᠴᠦᠯᠡᠴᠡ ᠶᠢᠨ ᠬᠤᠤᠰ ᠬᠢᠵᠠᠭᠠᠷᠯᠠᠯ ᠤᠨ ᠳᠦᠷᠢᠮ ᠢ ᠬᠡᠷᠡᠭᠵᠢᠭᠦᠯᠵᠦ᠂ ᠤᠰᠤ ᠪᠣᠷᠳᠣᠭᠤᠷ ᠢ | ᠨᠢᠭᠡ ᠴᠣᠭᠴᠠᠵᠢᠭᠤᠯᠤᠭᠰᠠᠨ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠪᠦᠷᠬᠦᠪᠴᠢ ᠶᠢᠨ ᠳᠣᠤᠷ᠎ᠠ | ᠳᠤᠰᠤᠯᠭᠠᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠪᠣᠯᠤᠨ ᠭᠠᠩ ᠲᠠᠢ | ᠲᠡᠮᠡᠴᠡᠬᠦ ᠲᠥᠷᠥᠯ ᠵᠦᠢᠯ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠬᠤ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠵᠢᠷᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠠᠷᠢᠶᠠᠨ ᠭᠠᠵᠠᠷ ᠲᠤ ᠡᠭᠡᠯᠵᠢᠯᠡᠨ ᠳᠠᠷᠢᠬᠤ᠂ ᠬᠠᠮᠠᠭᠠᠯᠠᠯᠲᠠ ᠶᠢᠨ ᠴᠢᠨᠠᠷᠲᠠᠶ | ᠬᠠᠭᠠᠯᠪᠤᠷᠢᠯᠠᠬᠤ᠂ ᠬᠥᠷᠥᠰᠥ ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ᠂ ᠨᠢᠭᠡᠳᠦᠯᠲᠡᠶ | ᠰᠡᠷᠭᠡᠶᠢᠯᠡᠨ ᠵᠠᠰᠠᠬᠤ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠪᠤᠷᠳᠤᠭᠤᠷ ᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠤᠣᠷ ᠬᠥᠨᠥᠭᠡᠯ ᠢ ᠪᠠᠭᠠᠰᠬᠠᠬᠤ ᠶᠢ ᠠᠬᠢᠭᠤᠯᠵᠤ᠂ | ᠲᠠᠷᠢᠶᠠᠯᠠᠩ ᠤᠨ ᠣᠷᠣᠭᠤᠯᠤᠯᠲᠠ ᠶᠢᠨ ᠪᠣᠳᠠᠰ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠪᠠ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ᠂ ᠬᠤᠷᠢᠶᠠᠨ ᠠᠪᠬᠤ᠂ ᠳᠠᠬᠢᠨ ᠠᠰᠢᠭᠯᠠᠬᠤ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠤᠨ ᠣᠷᠣᠭᠤᠯᠤᠯᠲᠠ ᠶᠢᠨ | ᠪᠣᠳᠠᠰ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠪᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ | ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ᠂ ᠭᠠᠴᠠᠭ᠎ᠠ ᠲᠣᠰᠬᠤᠨ ᠤ ᠬᠤᠷᠢᠶᠠᠨ ᠠᠪᠬᠤ ᠴᠡᠭ ᠢ ᠪᠠᠶᠢᠭᠤᠯᠬᠤ ᠶᠢ | ᠵᠢᠯᠣᠭᠤᠳᠴᠤ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠶ ᠵᠠᠰᠠᠵᠤ᠂ | ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠠᠬᠢᠭᠤᠯᠤᠨ᠎ᠠ᠃ | ᠵᠢᠷᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ ᠪᠡᠯᠴᠢᠭᠡᠷ ᠢᠶᠠᠷ ᠮᠠᠯ ᠪᠡᠯᠴᠢᠭᠡᠷ ᠢ ᠲᠣᠭᠲᠠᠭᠠᠬᠤ ᠶᠢ ᠠᠬᠢᠭᠤᠯᠵᠤ | ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠂ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠬᠦ ᠬᠡᠷᠡᠭᠲᠡᠶ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ | ᠣᠷᠣᠨ ᠳᠤ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠡᠷᠭᠢᠯᠲᠡ ᠶᠢᠨ ᠵᠠᠭᠪᠤᠷ ᠢ | ᠬᠡᠷᠡᠭᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠲᠣᠣᠷᠵᠢᠭᠤᠯᠤᠭᠰᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠳᠣ ᠦᠶ᠎ᠡ ᠶᠢᠨ ᠮᠠᠯ ᠠᠵᠤ ᠠᠬᠤᠶ ᠶᠢᠨ | ᠬᠥᠭᠵᠢᠯᠲᠡ ᠶᠢᠨ ᠵᠠᠭᠪᠤᠷ ᠢ ᠲᠦᠯᠬᠢᠨ ᠠᠬᠢᠭᠤᠯᠤᠨ᠎ᠠ᠃ | ᠵᠢᠷᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠶ ᠶᠢᠨ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠶᠢ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠨ ᠬᠤᠷᠠᠭᠤᠯᠬᠤ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠂ ᠲᠠᠷᠢᠶᠠᠨ | ᠭᠠᠵᠠᠷ ᠤᠨ ᠨᠡᠭᠦᠷᠡᠰᠦᠲᠥ᠋ᠷᠥᠭᠴᠢ ᠪᠠ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠨᠡᠮᠡᠭᠳᠡᠭᠦᠯᠵᠦ᠂ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠦᠭᠡᠶ ᠪᠥᠭᠡᠳ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ | ᠵᠢᠷᠠᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠣᠷᠣᠭᠤᠯᠤᠯᠲᠠ ᠡᠳ᠋ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ | ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠶᠢᠨ ᠬᠢᠨᠠᠨ ᠬᠠᠮᠢᠶᠠᠷᠴᠤ ᠬᠢᠨᠠᠨ ᠰᠢᠨᠵᠢᠬᠦ ᠴᠢᠳᠠᠪᠤᠷᠢ ᠶᠢᠨ | ᠪᠠᠶᠢᠭᠤᠯᠤᠯᠲᠠ ᠶᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ | ᠲᠠᠷᠢᠶᠠᠯᠠᠩ ᠮᠠᠯ ᠤᠨ ᠡᠮ ᠢ ᠰᠢᠭᠰᠢᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠢᠲᠡᠭᠡᠮᠵᠢ᠂ ᠣᠶᠤᠨᠴᠢ ᠪᠠᠷ | ᠴᠢᠳᠠᠪᠤᠷᠢ ᠣᠯᠭᠤᠬᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠂ ᠪᠠᠷᠢᠮᠵᠢᠶ᠎ᠠ ᠳᠤ ᠬᠦᠷᠦᠭᠦᠯᠬᠦ ᠪᠠᠷ ᠠᠮᠠᠯᠠᠭᠰᠠᠨ ᠬᠢᠷᠢ ᠲᠡᠩᠴᠡᠭᠰᠡᠨ | ᠦᠨᠡᠮᠯᠡᠯ ᠤᠨ ᠲᠦᠷᠢᠮ ᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠨᠡᠬᠡᠮᠵᠢᠯᠡᠵᠦ ᠪᠣᠯᠬᠤ ᠶᠢ ᠠᠬᠢᠭᠤᠯᠤᠨ᠎ᠠ᠃ ᠪᠣᠬᠢᠷᠲᠤᠯ ᠦᠭᠡᠶ ᠢᠳᠡᠭᠡᠨ᠂ ᠣᠷᠭᠠᠨᠢᠭ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠶᠢᠵᠢᠭᠤᠯᠤᠨ ᠭᠡᠷᠡᠴᠢᠯᠡᠬᠦ ᠪᠠ ᠭᠠᠵᠠᠷ ᠵᠦᠢ ᠶᠢᠨ | ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ ᠶᠢ | ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠢᠷᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠪᠣᠯᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠥᠮᠦᠨ ᠮᠠᠯ ᠳᠤ ᠴᠥᠮ ᠲᠤᠰᠳᠠᠭ | ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠲᠦᠯᠬᠢᠨ ᠠᠬᠢᠭᠤᠯᠵᠤ᠂ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠬᠤᠤᠷ ᠥᠬᠡᠶᠢᠳᠡᠭᠦᠯᠦᠨ ᠰᠢᠶ᠋ᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ | ᠠᠮᠢᠲᠠᠨ᠂ ᠠᠮᠢᠲᠠᠨ ᠤ ᠪᠦᠲᠦᠭᠡᠭᠳᠡᠬᠦᠨ ᠤ ᠬᠢᠵᠢᠭ ᠪᠠᠶᠢᠴᠠᠭᠠᠯᠲᠠ ᠶᠢ ᠴᠢᠩᠭᠠᠳᠬᠠᠵᠤ᠂ ᠣᠨᠴᠠ ᠲᠣᠭᠲᠠᠭᠰᠠᠨ | ᠠᠮᠢᠲᠠᠨ᠂ ᠠᠮᠢᠲᠠᠨ ᠤ ᠪᠦᠲᠦᠭᠡᠭᠳᠡᠬᠦᠨ ᠤ ᠠᠮᠢᠲᠠᠨ ᠤ ᠬᠢᠵᠢᠭ ᠶᠡᠭᠡ ᠲᠦᠭᠰᠢᠭᠦᠷᠢᠲᠦ ᠣᠷᠣᠨ ᠠᠴᠠ ᠳᠣᠤᠷ᠎ᠠ | ᠲᠦᠭᠰᠢᠭᠦᠷᠢᠲᠦ ᠣᠷᠣᠨ ᠲᠡᠰᠢ ᠰᠢᠯᠵᠢᠭᠦᠯᠦᠨ ᠲᠡᠭᠡᠭᠡᠪᠦᠷᠢᠯᠡᠬᠦ ᠶᠢ ᠬᠠᠤᠯᠢ ᠶᠣᠰᠣᠭᠠᠷ ᠴᠠᠭᠠᠵᠠᠯᠠᠬᠤ ᠪᠤᠶᠤ | ᠬᠢᠵᠠᠭᠠᠷᠯᠠᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ᠃ | ᠨᠠᠢᠮᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠢᠷᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ ᠲᠤᠰ ᠱᠠᠲᠤᠨ ᠤ ᠤᠯᠤᠰ ᠠᠷᠠᠳ ᠤᠨ | ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ | ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ | ᠵᠢᠷᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠶ ᠶᠢᠨ ᠪᠡᠯᠡ ᠮᠥᠩᠭᠦ ᠶᠢᠨ ᠣᠷᠣᠭᠤᠯᠤᠯᠲᠠ ᠶᠢ ᠡᠩ ᠲᠡᠷᠢᠭᠦᠨ ᠳᠤ | ᠪᠠᠲᠤᠯᠠᠵᠤ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠪᠠ ᠵᠠᠮ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠲᠠᠷᠢᠶᠠᠴᠢᠨ | ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠬᠦᠴᠦᠨ ᠵᠦᠢᠯ ᠤᠨ | ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ | ᠵᠢᠷᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠥᠷᠥ ᠶᠢᠨ | ᠪᠣᠳᠣᠯᠭ᠎ᠠ ᠲᠣᠭᠲᠠᠭᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠡᠳ᠋ ᠤᠨ ᠵᠠᠰᠠᠭ ᠤᠨ ᠣᠷᠣᠭᠤᠯᠤᠯᠲᠠ | ᠬᠢᠭᠡᠳ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠶᠢ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ᠂ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠵᠡᠷᠭᠡ ᠲᠥᠷᠥᠯ ᠵᠦᠢᠯ ᠳᠤ ᠳᠡᠮᠵᠢᠯᠭᠡ ᠦᠵᠡᠭᠦᠯᠦᠨ᠎ᠡ᠃ | ᠵᠢᠷᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠣᠯᠠᠨ ᠳᠡᠰ ᠳᠠᠪᠬᠤᠷᠭ᠎ᠠ᠂ ᠥᠷᠭᠡᠨ | ᠪᠦᠷᠬᠦᠴᠡ ᠲᠠᠢ᠂ ᠦᠷᠭᠦᠯᠵᠢᠯᠡᠬᠦ᠋ᠢᠴᠡ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠦᠲᠦᠯᠦᠨ ᠵᠢᠯᠤᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ | ᠨᠡᠷᠡᠳᠬᠦᠨ ᠳᠤ ᠰᠢᠨ᠎ᠡ ᠶᠢ ᠡᠭᠦᠳᠴᠦ᠂ ᠮᠠᠯᠵᠢᠬᠤ ᠲᠠᠷᠢᠶᠠᠯᠠᠬᠤ ᠡᠷᠦᠬᠡ ᠶᠢᠨ ᠪᠠᠭ᠎ᠠ ᠲᠣᠭᠠᠨ ᠤ ᠲᠦᠭᠡᠮᠡᠯ | ᠬᠠᠷᠠᠭᠠᠯᠵᠠᠯᠲᠤ ᠵᠢᠭᠡᠯᠡᠯᠭᠡ ᠶᠢ ᠳᠡᠯᠭᠡᠷᠡᠭᠦᠯᠦᠨ᠂ ᠬᠦᠯᠡᠮᠵᠢ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠲᠣᠮᠣ | ᠬᠡᠯᠪᠡᠷᠢ ᠶᠢᠨ ᠲᠠᠷᠢᠶᠠᠯᠠᠩ ᠤᠨ ᠮᠠᠰᠢᠨ᠂ ᠳᠠᠭᠠᠳᠬᠠᠯ ᠤᠨ ᠬᠠᠭᠤᠳᠠᠰᠤ ᠵᠠᠬᠢᠶᠠᠯᠠᠭ᠎ᠠ ᠶᠢᠨ ᠬᠥᠮᠥᠷᠭᠡ ᠶᠢᠨ ᠬᠠᠭᠤᠳᠠᠰᠤ | ᠂ ᠠᠮᠢᠳᠤ ᠪᠣᠳᠠᠰ ᠤᠨ ᠠᠮᠢᠳᠤ ᠴᠣᠭᠴᠠ ᠵᠡᠷᠭᠡ ᠶᠢ ᠪᠠᠷᠢᠴᠠᠭᠠᠯᠠᠬᠤ᠂ ᠳᠠᠨᠵᠢᠯᠠᠬᠤ ᠵᠢᠭᠡᠯᠡᠯᠭᠡ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ | ᠨᠡᠩ ᠣᠯᠠᠨ ᠡᠬᠢ ᠪᠠᠶᠠᠯᠢᠭ ᠢ ᠬᠥᠳᠡᠭᠡ ᠲᠣᠰᠬᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠪᠠᠭᠤᠷᠠᠢ ᠭᠤᠭᠴᠤᠭ᠎ᠠ ᠳᠤ ᠲᠣᠬᠢᠷᠠᠭᠤᠯᠬᠤ ᠬᠡᠷᠡᠭᠲᠡᠢ᠃ | ᠵᠢᠷᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠥᠩᠭᠦᠨ | ᠭᠦᠢᠯᠭᠡᠭᠡᠨ ᠢᠶᠠᠷ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠦᠢᠯᠡᠳᠦᠯ ᠢ ᠪᠠᠳᠠᠷᠠᠭᠤᠯᠤᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠤᠯ ᠴᠣᠭᠴᠠ ᠶᠢ ᠮᠥᠩᠭᠦᠨ ᠭᠦᠢᠯᠭᠡᠭᠡᠨ ᠤ ᠬᠥᠷᠥᠩᠭᠡ ᠶᠢᠨ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ | ᠳᠠᠯᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠣᠯᠠᠨ ᠳᠡᠰ ᠳᠠᠪᠬᠤᠷᠭ᠎ᠠ ᠪᠦᠬᠦᠢ ᠲᠠᠷᠢᠶᠠᠯᠠᠩ ᠮᠠᠯ | ᠠᠵᠤ ᠠᠬᠤᠶ ᠶᠢᠨ ᠳᠠᠭᠠᠳᠬᠠᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠬᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠤᠳᠠᠯᠳᠤᠭᠠᠨ ᠤ | ᠴᠢᠨᠠᠷᠲᠠᠶ ᠳᠠᠭᠠᠳᠬᠠᠯ ᠤᠨ ᠺᠣᠮᠫᠠᠨᠢ ᠶᠢᠨ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠲᠤᠬᠠᠶᠢᠯᠠᠭᠰᠠᠨ | ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠴᠢᠨ ᠮᠠᠯᠴᠢᠳ ᠪᠣᠯᠤᠨ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠤᠯ ᠴᠣᠭᠴᠠ ᠶᠢ ᠳᠡᠮᠵᠢᠵᠦ ᠪᠠᠶᠢᠭᠠᠳ ᠬᠠᠪᠰᠤᠷᠤᠯᠴᠠᠨ ᠬᠤᠷᠰᠢᠬᠤ ᠳᠠᠭᠠᠳᠬᠠᠯ ᠢ ᠬᠠᠤᠯᠢ | ᠶᠣᠰᠣᠭᠠᠷ ᠥᠷᠨᠢᠭᠦᠯᠦᠨ᠂ ᠳᠠᠭᠠᠳᠬᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ ᠳᠠᠭᠠᠳᠬᠠᠯ ᠤᠨ ᠪᠠᠶᠢᠭᠤᠯᠤᠮᠵᠢ ᠶᠢᠨ | ᠳᠠᠭᠠᠳᠬᠠᠯ ᠤᠨ ᠲᠥᠷᠥᠯ ᠵᠦᠢᠯ ᠢᠶᠠᠨ ᠵᠣᠬᠢᠰᠲᠠᠶ ᠪᠠᠷ ᠨᠡᠮᠡᠭᠳᠡᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ | ᠠᠬᠤᠶ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ | ᠳᠠᠭᠠᠳᠬᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠳᠠᠯᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠭᠤᠯᠤᠯ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠥᠨᠳᠥᠷ | ᠬᠢᠷᠢ ᠬᠡᠮᠵᠢᠶ᠎ᠡ ᠲᠠᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ | ᠴᠢᠳᠠᠪᠤᠷᠢᠲᠠᠨ ᠢ ᠣᠷᠣᠭᠤᠯᠵᠤ ᠢᠷᠡᠬᠦ ᠪᠠ ᠬᠥᠮᠦᠵᠢᠭᠦᠯᠵᠦ᠂ ᠲᠤᠰ ᠭᠠᠵᠠᠷ ᠣᠷᠣᠨ ᠤ ᠴᠢᠳᠠᠪᠤᠷᠢᠲᠠᠨ | ᠬᠥᠮᠦᠵᠢᠭᠦᠯᠬᠦ ᠶᠢ ᠴᠢᠩᠭᠠᠳᠬᠠᠨ᠂ ᠬᠤᠲᠠ ᠶᠢᠨ ᠴᠢᠳᠠᠪᠤᠷᠢᠲᠠᠨ ᠢ ᠬᠥᠳᠡᠭᠡ ᠪᠠᠭᠤᠯᠭᠠᠬᠤ ᠶᠢ ᠬᠥᠲᠥᠯᠥᠨ | ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠲᠠᠷᠢᠶᠠᠯᠠᠬᠤ ᠮᠠᠯᠵᠢᠬᠤ ᠣᠷᠣᠨ ᠳᠤ ᠦᠢᠯᠡᠴᠢᠯᠡᠬᠦ ᠶᠢ ᠲᠦᠯᠬᠢᠨ ᠠᠬᠢᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ | ᠳᠠᠯᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠴᠢᠨ ᠮᠠᠯᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ᠂ | ᠡᠵᠡᠩᠨᠡᠯᠲᠡ ᠬᠠᠮᠢᠶᠠᠷᠤᠯᠲᠠ ᠶᠢᠨ ᠬᠡᠯᠪᠡᠷᠢ ᠶᠢᠨ᠂ ᠲᠤᠰᠬᠠᠶ ᠦᠢᠯᠡᠳᠪᠦᠷᠢᠯᠡᠯ ᠤᠨ ᠬᠡᠯᠪᠡᠷᠢ ᠶᠢᠨ᠂ ᠮᠡᠷᠭᠡᠵᠢᠯ ᠤᠨ | ᠴᠢᠳᠠᠪᠤᠷᠢ ᠶᠢᠨ ᠦᠢᠯᠡᠴᠢᠯᠡᠭᠡᠨ ᠤ ᠬᠡᠯᠪᠡᠷᠢ ᠪᠦᠬᠦᠢ ᠥᠨᠳᠥᠷ ᠬᠡᠪ ᠴᠢᠨᠠᠷ ᠪᠦᠬᠦᠢ ᠲᠠᠷᠢᠶᠠᠴᠢᠨ ᠮᠠᠯᠴᠢᠳ ᠢ | ᠭᠤᠤᠯᠳᠠᠯᠭ᠎ᠠ ᠲᠠᠢ ᠪᠤᠶᠢᠵᠢᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠠᠴᠠ ᠳᠡᠭᠡᠳᠦ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ | ᠪᠦᠬᠦᠢ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠪᠠ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ ᠶᠢ ᠠᠬᠢᠭᠤᠯᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠬᠥᠮᠦᠵᠢᠯ ᠪᠣᠯᠪᠠᠰᠤᠷᠠᠭᠤᠯᠤᠯ᠂ ᠮᠡᠷᠭᠡᠵᠢᠯ ᠤᠨ ᠳᠡᠮᠵᠢᠯᠭᠡ᠂ ᠠᠳᠠᠯ ᠦᠢᠯᠡᠰ ᠴᠣᠭᠴᠠᠯᠠᠬᠤ ᠶᠢᠨ | ᠵᠢᠯᠣᠭᠤᠳᠣᠯᠭ᠎ᠠ ᠵᠡᠷᠭᠡ ᠦᠢᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ ᠨᠡᠩ ᠣᠯᠠᠨ ᠰᠢᠯᠢᠳᠡᠭ ᠢᠳᠡᠷ | ᠵᠠᠯᠠᠭᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ | ᠃ | ᠳᠠᠯᠠᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠯᠤᠭ᠎ᠠ ᠬᠤᠯᠪᠣᠭᠳᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠶ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠤᠷ ᠰᠦᠯᠵᠢᠶ᠎ᠡ ᠵᠡᠷᠭᠡ ᠡᠯ᠎ᠡ ᠲᠥᠷᠥᠯ ᠤᠨ | ᠵᠠᠭᠤᠴᠢ ᠨᠤᠭᠤᠳ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ | | ᠳᠠᠯᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠵᠦ | ᠪᠠᠶᠢᠴᠠᠭᠠᠬᠤ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠴᠢᠬᠤᠯᠠ ᠪᠦᠬᠦᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | ᠳᠠᠯᠠᠨ ᠲᠠᠪᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠳᠤ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠬᠠᠷᠠᠯᠲᠠ ᠶᠢ ᠬᠢᠨᠠᠨ ᠰᠢᠯᠭᠠᠬᠤ ᠳᠦᠷᠢᠮ ᠢ | ᠬᠡᠷᠡᠭᠵᠢᠭᠦᠯᠵᠦ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠳᠤ ᠣᠷᠣᠭᠤᠯᠬᠤ ᠬᠡᠷᠡᠭᠲᠡᠶ᠃ | ᠳᠠᠯᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠵᠠᠷ | ᠣᠷᠣᠨ ᠳᠤ ᠲᠥᠷᠥᠯ ᠵᠦᠢᠯ ᠤᠨ ᠬᠡᠯᠪᠠᠶᠢᠯᠲᠡ ᠦᠵᠡᠭᠦᠯᠵᠦ᠂ ᠪᠡᠯᠡ ᠮᠥᠩᠭᠦ ᠶᠢᠨ ᠱᠠᠩᠨᠠᠯ ᠣᠯᠭᠤᠬᠤ ᠬᠡᠷᠡᠭᠲᠡᠶ᠃ | ᠳᠠᠯᠠᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠳᠬᠡᠨ ᠲᠣᠷᠭᠠᠬᠤ | ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠳᠠᠭᠠᠬᠤ ᠬᠡᠷᠡᠭᠲᠡᠶ᠃ | ᠳᠠᠯᠠᠨ ᠨᠠᠢᠮᠠᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠯᠪᠠᠨ | ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ | ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ | ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠣᠯᠭᠤᠨ᠎ᠠ ᠶᠠᠯ᠎ᠠ ᠳᠤ | ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠠᠯ᠎ᠠ ᠶᠢᠰᠦᠳᠦᠭᠡᠷ ᠵᠦᠢᠯ ᠲᠣᠰ ᠲᠦᠷᠢᠮ ᠢ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |