︽ᠦᠵᠡᠯ ᠰᠠᠨᠠᠭ᠎ᠠ ᠶᠢ  ᠰᠤᠷᠤᠯᠴᠠᠨ ᠨᠠᠮᠴᠢ ᠴᠢᠨᠠᠷ ᠢ  ᠴᠢᠩᠭᠠᠳᠬᠠᠵᠦ ᠦᠢᠯᠡᠳᠦᠯᠭᠡ ᠶᠢ ᠴᠢᠬᠤᠯᠠᠴᠢᠯᠠᠨ ᠰᠢᠨ᠎ᠡ ᠭᠠᠪᠢᠶ᠎ᠠ ᠪᠠᠶᠢᠭᠤᠯᠤᠨ᠎ᠠ ︾ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠄ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠣᠯᠠᠨ ᠲᠦᠮᠡᠨ ᠤ ᠡᠷᠡᠭᠦᠯ ᠮᠡᠨᠳᠦ ᠶᠢᠨ ᠵᠢᠭᠠᠯᠲᠠ ᠲᠤᠭ᠎ᠠ ᠶᠢ  ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/19
    ᠦᠨᠳᠦᠰᠦᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠪᠠᠷ ᠡᠭᠦᠳᠡ ᠰᠠᠬᠢᠬᠴᠢ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠥᠳᠡᠭᠡ ᠲᠣᠰᠬᠤᠨ ᠤ ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠰᠢᠶᠠᠩ᠂ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠢ ᠵᠢᠷᠤᠮᠵᠢᠭᠤᠯᠤᠨ ᠬᠠᠮᠢᠶᠠᠷᠬᠤ ᠠᠵᠢᠯ ᠢ ᠴᠢᠩᠭᠠᠳᠬᠠᠵᠤ᠂ ᠡᠪᠡᠳᠴᠢᠨ ᠡᠮᠭᠡᠭ ᠮᠠᠭᠤ ᠬᠡᠷᠡᠭ ᠡᠭᠦᠰᠬᠦ ᠨᠣᠷᠮ᠎ᠠ ᠶᠢ ᠶᠡᠭᠡ ᠪᠠᠷ ᠪᠠᠭᠤᠷᠠᠭᠤᠯᠬᠤ ᠪᠠ ᠬᠤᠶᠢᠰᠢᠯᠠᠭᠤᠯᠵᠤ᠂ ᠣᠯᠠᠨ ᠲᠦᠮᠡᠨ ᠤ ᠡᠮ ᠡᠮᠨᠡᠯᠭᠡ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠰᠠᠭᠤᠷᠢ ᠶᠢ ᠪᠠᠬᠢᠵᠢᠭᠦᠯᠪᠡ᠃
     ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡᠨ ᠤ ᠬᠠᠷᠢᠶ᠎ᠠ ᠣᠷᠣᠨ ᠤ ᠳᠣᠲᠣᠷ᠎ᠠ ᠪᠠᠶᠢᠩᠭᠤ ᠰᠠᠭᠤᠭ᠎ᠠ ᠬᠥᠮᠦᠨ ᠠᠮᠠ 4776 ᠪᠠᠶᠢᠵᠤ᠂ ᠡᠭᠦᠨ ᠳᠤ ᠨᠠᠰᠤᠲᠠᠶᠢᠴᠤᠳ 1696 ᠬᠥᠮᠦᠨ᠂ ᠴᠢᠰᠤᠨ ᠳᠠᠷᠤᠯᠲᠠ ᠥᠨᠳᠥᠷ ᠡᠪᠡᠳᠴᠢᠲᠡᠨ 1086 ᠬᠥᠮᠦᠨ᠂ ᠰᠢᠬᠢᠷ ᠰᠢᠵᠢᠩ ᠡᠪᠡᠳᠴᠢᠲᠡᠨ 132 ᠬᠥᠮᠦᠨ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ 42 ᠬᠥᠮᠦᠨ ᠪᠠᠶᠢᠵᠤ᠂ ᠣᠲᠣ ᠨᠢᠭᠡᠨᠲᠡ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ  ᠡᠯᠧᠺᠲᠷᠤᠨ ᠲᠠᠩᠰᠠ ᠡᠪᠬᠡᠮᠡᠯ ᠪᠠᠶᠢᠭᠤᠯᠪᠠ᠃    ᠡᠷᠡᠭᠦᠯ ᠬᠠᠮᠠᠭᠠᠯᠠᠯ ᠤᠨ ᠬᠤᠷᠢᠶ᠎ᠠ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠲᠠᠯ᠎ᠠ ᠪᠠᠷ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠ ᠠᠵᠢᠯ ᠤᠨ ᠶᠠᠪᠤᠴᠠ ᠶᠢ ᠲᠣᠳᠣᠷᠬᠠᠶᠢᠯᠠᠪᠠ᠃ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠡᠬᠡ ᠳᠠᠩᠰᠠ ᠪᠣᠯᠤᠨ ᠡᠪᠡᠳᠴᠢᠲᠡᠨ ᠤ ᠳᠠᠩᠰᠠ ᠡᠪᠬᠡᠮᠡᠯ ᠪᠠᠶᠢᠭᠤᠯᠬᠤ ᠪᠠᠷ ᠳᠠᠮᠵᠢᠭᠤᠯᠤᠨ᠂ ᠡᠪᠡᠳᠴᠢᠲᠡᠨ ᠤ ᠦᠨᠳᠦᠰᠦᠨ ᠪᠠᠶᠢᠳᠠᠯ ᠪᠣᠯᠤᠨ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ ᠤᠵᠢᠭ ᠡᠪᠡᠳᠴᠢᠨ ᠤ ᠬᠠᠮᠢᠶᠠᠷᠤᠯᠲᠠ ᠶᠢᠨ ᠪᠦᠯᠬᠦᠮ ᠢ ᠪᠠᠶᠢᠭᠤᠯᠪᠠ᠂ ᠡᠭᠦᠨ ᠳᠤ ᠡᠮᠴᠢ᠂ ᠰᠤᠪᠢᠯᠠᠭᠴᠢ ᠪᠠ ᠰᠢᠮ᠎ᠡ ᠲᠡᠵᠢᠭᠡᠭᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠢ ᠪᠠᠭᠲᠠᠭᠠᠵᠤ᠂ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠬᠠᠩᠭᠠᠪᠠ᠃ ᠡᠭᠦᠨ ᠤ ᠬᠠᠮᠲᠤ᠂ ᠡᠷᠡᠭᠦᠯ ᠬᠠᠮᠠᠭᠠᠯᠠᠯ ᠤᠨ ᠬᠤᠷᠢᠶ᠎ᠠ ᠪᠠᠰᠠ ᠤᠳᠠᠭᠠᠨ ᠴᠢᠨᠠᠷᠲᠠᠶ ᠡᠪᠡᠳᠴᠢᠨ ᠤ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠡᠪᠡᠳᠴᠢᠲᠡᠨ ᠳᠤ ᠡᠷᠡᠭᠦᠯ ᠮᠡᠨᠳᠦ ᠶᠢᠨ ᠡᠯᠪᠡᠭ ᠪᠠᠶᠠᠯᠢᠭ ᠮᠡᠳᠡᠯᠭᠡ ᠪᠠ ᠠᠮᠢᠳᠤᠷᠠᠯ ᠤᠨ ᠵᠢᠯᠣᠭᠤᠳᠣᠯᠭ᠎ᠠ ᠬᠠᠩᠭᠠᠪᠠ᠃ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ᠂ ᠠᠯᠪᠠᠨ ᠵᠢᠷᠤᠮ ᠤᠨ ᠡᠮᠴᠢᠯᠡᠭᠡᠨ ᠤ ᠯᠠᠪᠯᠠᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠲᠣᠰᠬᠤᠨ ᠤ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠪᠤᠯᠤᠩ ᠤᠨ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠣᠯᠠᠨ ᠬᠡᠯᠪᠡᠷᠢ ᠪᠠᠷ ᠬᠠᠨᠳᠤᠯᠭᠠᠲᠤ ᠴᠢᠨᠠᠷᠲᠠᠶ ᠤᠬᠠᠭᠤᠯᠭ᠎ᠠ ᠶᠢ ᠥᠷᠨᠢᠭᠦᠯᠦᠨ ᠂ ᠡᠷᠡᠭᠦᠯ ᠴᠢᠭᠢᠷᠠᠭ ᠠᠮᠢᠳᠤᠷᠠᠯ ᠤᠨ ᠮᠡᠳᠡᠯᠭᠡ ᠶᠢ ᠤᠯᠠᠮᠵᠢᠯᠠᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠣᠯᠠᠨ ᠲᠦᠮᠡᠨ ᠢ ᠵᠢᠯᠣᠭᠤᠳᠤᠨ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
        ᠲᠠᠷᠠᠭᠠᠴᠢ ᠶᠢᠨ ᠠᠯᠬᠤᠮ ᠳᠤ᠂ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠨᠠᠰᠤᠲᠠᠶᠢᠴᠤᠳ ᠵᠢᠴᠢ ᠤᠳᠠᠭᠠᠨ ᠴᠢᠨᠠᠷᠲᠠᠶ ᠡᠪᠡᠳᠴᠢᠲᠡᠨ ᠢ ᠨᠠᠷᠢᠯᠢᠬᠵᠢᠭᠤᠯᠤᠨ ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠥᠬᠡᠶ ᠴᠢᠩᠭᠠᠳᠬᠠᠵᠤ᠂ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠣᠯᠠᠨ ᠲᠦᠮᠡᠨ ᠤ ᠡᠷᠡᠭᠦᠯ ᠮᠡᠨᠳᠦ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2