ᠮᠠᠨ ᠤ ᠰᠢᠶᠠᠨ ᠠᠷᠪᠠᠨ ᠬᠤᠶᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾᠎ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/28
  ᠠᠷᠪᠠᠨ ᠬᠤᠶᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠪᠣᠯᠪᠠᠰᠤᠨ ᠢᠶᠠᠷ ᠶᠠᠪᠤᠵᠤ ᠰᠠᠭᠤᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 28᠎ ᠤ ᠡᠳᠦᠷ᠂ ᠮᠠᠨ ᠤ ᠰᠢᠶᠠᠨ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾᠎ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᡁᠢ ᠭᠠᠩ ᠶᠣᠰᠣᠯᠠᠯ ᠳᠤ ᠣᠷᠣᠯᠴᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠭᠦᠯᠭᠡ ᠶᠢᠨ ᠰᠠᠮᠪᠠᠷ᠎ᠠ ᠪᠠᠶᠢᠷᠢᠯᠠᠭᠤᠯᠬᠤ᠂ ᠠᠮᠤᠷ ᠲᠦᠪᠰᠢᠨ ᠤ ᠳᠤᠭᠤᠯᠠᠭ᠎ᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠯᠠᠭ᠎ᠠ ᠳᠤ ᠣᠷᠣᠯᠴᠠᠭᠰᠠᠨ ᠥᠷᠭᠡᠨ ᠣᠯᠠᠨ ᠪᠠᠭᠰᠢ ᠰᠤᠷᠤᠭᠴᠢᠳ ᠵᠢᠴᠢ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠳᠤ ᠪᠣᠯᠪᠠᠰᠤᠨ ᠢᠶᠠᠷ ᠣᠷᠣᠯᠴᠠᠭᠤᠯᠵᠤ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃ ᠤᠯᠠᠭᠠᠨᠮᠥ᠋ᠴᠢᠷ ᠪᠠᠰᠠ ᠭᠤᠶᠢᠳᠠ ᠰᠠᠶᠢᠬᠠᠨ ᠪᠥᠵᠢᠭ ᠪᠠ ᠳᠠᠭᠤᠤ ᠪᠠᠷ ᠠᠵᠢᠯᠯᠠᠭ᠎ᠠ ᠳᠤ ᠨᠡᠩ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠨᠡᠮᠡᠷᠢᠯᠡᠪᠡ᠃                                                    ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2