︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠯᠢᠶᠠᠩᠴᠧᠩ ᠰᠢᠶᠠᠨ ᠤ ᠵᠢᠦ ᠶᠤᠸᠠᠨ ᠨᠡᠶᠢᠭᠡᠮ ᠲᠣᠭᠤᠷᠢᠭ᠄ ᠭᠠᠷ ᠢᠶᠠᠷ ᠨᠡᠬᠡᠬᠦ ᠪᠣᠯᠪᠠᠰᠤᠷᠠᠯ ᠤᠨ ᠠᠩᠭᠢ ᠡᠷᠭᠢᠯᠡᠵᠦ ᠡᠮᠡᠭᠲᠡᠶᠢᠴᠦᠳ ᠢ ᠬᠠᠪᠰᠤᠷᠤᠨ ᠠᠮᠢᠳᠤᠯᠢᠭ ᠢᠶᠠᠷ ᠠᠵᠢᠯ ᠣᠯᠭᠤᠨ᠎ᠠ
ᠨᠡᠶᠢᠲᠡᠯᠡᠭᠰᠡᠨ ᠴᠠᠭ᠄
2023/11/28
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠡᠮᠡᠭᠲᠡᠶᠢᠴᠦᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ ᠵᠣᠷᠢᠭᠵᠢᠭᠤᠯᠵᠤ᠂ ᠪᠠᠶᠠᠵᠢᠯ ᠤᠨ ᠠᠷᠭ᠎ᠠ ᠵᠠᠮ ᠢᠶᠠᠨ ᠥᠷᠭᠡᠳᠬᠡᠬᠦ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠤ ᠵᠢᠦ ᠶᠤᠸᠠᠨ ᠨᠡᠶᠢᠭᠡᠮ ᠲᠣᠭᠤᠷᠢᠭ ᠭᠠᠷ ᠨᠡᠬᠡᠮᠡᠯ ᠤᠶᠢᠯᠡᠳᠬᠦ ᠵᠡᠷᠭᠡ ᠰᠦᠢᠳᠬᠡᠯ ᠬᠤᠷᠢᠶᠠᠬᠤ ᠥᠬᠡᠶ ᠪᠠᠷ ᠠᠵᠢᠯ ᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠠᠵᠢᠯ ᠤᠯᠬᠤ ᠳᠤ ᠬᠦᠴᠢᠷᠲᠡᠶ ᠡᠮᠡᠭᠲᠡᠶ ᠬᠠᠮᠲᠤᠯᠢᠭ ᠢ ᠬᠠᠪᠰᠤᠷᠤᠨ ᠨᠢᠭᠡ  ᠵᠤᠶᠢᠯ ᠤᠨ ᠮᠡᠷᠭᠡᠵᠢᠯ ᠢ ᠡᠵᠡᠮᠰᠢᠭᠦᠯᠵᠦ᠂ ᠠᠵᠢᠯ ᠤᠯᠬᠤ ᠠᠷᠭ᠎ᠠ ᠵᠠᠮ ᠢ ᠥᠷᠭᠡᠳᠬᠡᠨ᠂ ᠬᠡᠷ ᠲᠡᠭᠡᠨ ᠰᠠᠭᠤᠵᠤ ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠪᠡ᠃
   ᠪᠣᠯᠪᠠᠰᠤᠷᠠᠯ ᠨᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ ᠶᠢ ᠤᠷᠢᠵᠤ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠭᠠᠷ ᠤᠷᠠᠯᠠᠯ ᠤᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠠᠷᠭ᠎ᠠ ᠵᠡᠷᠭᠡ ᠶᠢ ᠲᠠᠶᠢᠯᠪᠤᠷᠢᠯᠠᠵᠤ ᠥᠭᠴᠡᠢ᠃ ᠬᠡᠳᠦ᠋ᠢᠪᠡᠷ ᠠᠩᠬᠠᠳᠤᠭᠠᠷ ᠤᠳᠠᠭ᠎ᠠ ᠭᠠᠷ ᠢᠶᠠᠷ ᠵᠣᠬᠢᠶᠠᠨ ᠪᠢᠴᠢᠬᠦ ᠪᠠ ᠦᠢᠯᠡᠳᠬᠦ ᠶᠢ ᠰᠤᠷᠤᠯᠴᠠᠭᠰᠠᠨ ᠪᠣᠯᠪᠠᠴᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠠᠩ ᠢ ᠴᠦᠨ ᠰᠤᠷᠤᠯᠴᠠᠯᠭ᠎ᠠ ᠳᠤ ᠢᠳᠡᠪᠬᠢᠲᠡᠢ ᠣᠷᠣᠯᠴᠠᠬᠤ ᠡᠷᠴᠢ ᠵᠣᠷᠢᠭ ᠲᠡᠭᠦᠯᠳᠡᠷ ᠪᠠᠶᠢᠨ᠎ᠠ᠃
   ᠶᠠᠩ ᠢ ᠴᠦᠨ    ᠨᠢᠭᠡ ᠭᠠᠷᠠᠭ ᠪᠢᠳᠡ ᠳᠠᠷᠤᠢ ᠡᠨᠡ ᠬᠦ ᠤᠷ᠎ᠠ ᠴᠢᠳᠠᠪᠤᠷᠢ ᠶᠢ ᠭᠠᠷ ᠢᠶᠠᠷ ᠨᠡᠬᠡᠵᠦ ᠰᠤᠷᠬᠤ ᠪᠣᠯᠤᠨ᠎ᠠ᠂ ᠬᠡᠦᠬᠡᠳ ᠪᠣᠯᠤᠨ ᠭᠡᠷ ᠤᠨ ᠠᠵᠢᠯ ᠢ ᠰᠠᠭᠠᠲᠠᠭᠠᠬᠤ ᠦᠭᠡᠢ ᠪᠠᠶᠢᠳᠠᠯ ᠳᠣᠣᠷ᠎ᠠ ᠪᠢᠳᠡ ᠭᠡᠷ ᠲᠡᠭᠡᠨ ᠵᠠᠬᠢᠶᠠᠯᠠᠭ᠎ᠠ ᠠᠪᠴᠤ ᠵᠣᠭᠤᠰ ᠣᠯᠵᠤ ᠳᠡᠶᠢᠯᠬᠦ ᠪᠣᠯᠵᠠᠶ᠂ ᠮᠠᠰᠢ ᠰᠠᠶᠢᠨ᠂ ᠮᠠᠰᠢ ᠰᠠᠶᠢᠬᠠᠨ ᠰᠠᠨᠠᠭᠳᠠᠵᠤ ᠪᠠᠶᠢᠨ᠎ᠠ᠃    ᠭᠠᠷ ᠢᠶᠠᠷ ᠨᠡᠬᠡᠵᠦ ᠦᠢᠯᠡᠳᠬᠦ ᠲᠥᠷᠥᠯ ᠵᠦᠢᠯ ᠤᠨ ᠬᠤᠷᠢᠭ᠎ᠠ ᠨᠢ ᠳᠣᠤᠷ᠎ᠠ᠂ ᠪᠠᠯᠠ ᠮᠥᠩᠭᠦ ᠶᠢᠨ ᠣᠷᠣᠭᠤᠯᠤᠯᠲᠠ᠂ ᠠᠵᠢᠯᠯᠠᠬᠤ ᠴᠠᠭ ᠨᠢ ᠠᠮᠢᠳᠤᠯᠢᠭ ᠪᠠᠶᠢᠵᠤ᠂ ᠬᠡᠷ ᠲᠡᠭᠡᠨ ᠰᠠᠭᠤᠵᠤ ᠪᠠᠶᠢᠭ᠎ᠠ ᠡᠮᠡᠭᠲᠡᠶᠢᠴᠦᠳ ᠲᠤ ᠠᠮᠢᠳᠤᠯᠢᠭ ᠢᠶᠠᠷ ᠠᠵᠢᠯ ᠣᠯᠭᠤᠬᠤ ᠳᠤ ᠳᠣᠭᠢᠷᠠᠨ᠎ᠠ᠂ ᠡᠮᠡᠭᠲᠡᠶᠢᠴᠦᠳ ᠤᠨ ᠬᠡᠤᠬᠡᠳ ᠪᠠᠭᠠᠴᠤᠳ ᠢᠶᠠᠨ ᠬᠠᠷᠠᠭᠠᠯᠵᠠᠬᠤ ᠪᠠ ᠨᠠᠰᠤᠲᠠᠨ ᠢᠶᠠᠨ ᠬᠠᠷᠠᠭᠠᠯᠵᠠᠬᠤ᠂ ᠬᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠮᠥᠷᠲᠡᠭᠡᠨ ᠪᠠᠰᠠ ᠠᠵᠢᠯ ᠤᠯᠬᠤ ᠳᠤ ᠬᠦᠴᠢᠷᠲᠡᠶ ᠶᠤᠮ᠃ ᠥᠪᠡᠷ ᠢᠶᠠᠨ ᠰᠤᠷᠴᠤ ᠡᠵᠡᠮᠰᠢᠬᠦ ᠶᠢᠨ ᠬᠠᠮᠲᠤ ᠪᠠᠰᠠ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠪᠠᠷ ᠳᠠᠮᠵᠢᠭᠤᠯᠤᠨ᠂ ᠨᠠᠩ ᠣᠯᠠᠨ ᠡᠮᠡᠭᠲᠡᠶᠢᠴᠦᠳ ᠢ ᠳᠠᠭᠠᠭᠤᠯᠤᠨ ᠤᠷ᠎ᠠ ᠴᠢᠳᠠᠪᠤᠷᠢ ᠶᠢ ᠡᠵᠡᠮᠰᠢᠭᠦᠯᠵᠦ ᠪᠣᠯᠤᠨ᠎ᠠ᠃
      ᠯᠢᠶᠠᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠮᠧᠩ ᠰᠢᠶᠤᠤ ᠶᠦᠩ    ᠡᠨᠡ ᠵᠢᠯ ᠮᠠᠨ ᠤ ᠲᠥᠪ ᠭᠤᠷᠪᠠᠨ ᠬᠤᠭᠤᠴᠠᠭᠠᠨ ᠤ ᠭᠠᠷ ᠢᠶᠠᠷ ᠨᠡᠬᠡᠬᠦ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ᠪᠠᠰᠠ ᠺᠣᠮᠫᠢᠦ᠋ᠲ᠋ᠧᠷ ᠤᠨ ᠠᠵᠢᠯᠯᠠᠭ᠎ᠠ᠂ ᠡᠪᠡᠳᠴᠢᠲᠡᠨ ᠢ ᠰᠤᠪᠢᠯᠠᠬᠤ᠂ ᠡᠷᠡᠭᠦᠯᠵᠢᠯ ᠤᠨ ᠢᠯᠢᠬᠦ ᠵᠡᠷᠭᠡ ᠲᠤᠯᠤᠭᠠᠨ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠳᠣᠯᠣᠳᠤᠭᠠᠷ ᠬᠤᠭᠤᠴᠠᠭᠠᠨ ᠤ ᠰᠦᠯᠵᠢᠶᠡᠨ ᠤ ᠦᠢᠯᠡᠰ ᠴᠣᠭᠴᠠᠯᠠᠬᠤ ᠪᠣᠯᠪᠠᠰᠤᠷᠠᠯ ᠢ ᠥᠷᠨᠢᠭᠦᠯᠵᠦ᠂ ᠥᠷᠭᠡᠨ ᠣᠯᠠᠨ ᠬᠤᠲᠠ ᠬᠥᠳᠡᠭᠡ ᠶᠢᠨ ᠬᠥᠮᠦᠰ ᠤᠨ ᠠᠵᠢᠯ ᠣᠯᠵᠤ ᠦᠢᠯᠡᠰ ᠴᠣᠭᠴᠠᠯᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃    ᠯᠢᠶᠠᠩᠴᠧᠩ ᠰᠢᠶᠠᠨ ᠤ ᠵᠢᠦ ᠶᠤᠸᠠᠨ ᠨᠡᠶᠢᠭᠡᠮ ᠲᠣᠭᠤᠷᠢᠭ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠢᠮᠠᠭᠲᠠ ᠡᠮᠡᠭᠲᠡᠶᠢᠴᠦᠳ ᠲᠤ ᠦᠢᠯᠡᠴᠢᠯᠡᠬᠦ᠂ ᠡᠮᠡᠭᠲᠡᠶᠢᠴᠦᠳ ᠢ ᠬᠠᠪᠰᠤᠷᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠠᠷᠭ᠎ᠠ ᠵᠠᠮ ᠪᠣᠯᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ ᠪᠠᠶᠢᠵᠤ᠂ ᠨᠡᠶᠢᠲᠡ 39 ᠡᠮᠡᠭᠲᠡᠶ ᠪᠣᠯᠪᠠᠰᠤᠷᠠᠭᠤᠯᠤᠯ ᠳᠤ ᠣᠷᠣᠯᠴᠠᠵᠤ᠂ ᠰᠤᠷᠴᠤ ᠳᠠᠭᠤᠰᠤᠭᠰᠠᠨ ᠤ ᠳᠠᠷᠠᠭ᠎ᠠ ᠳᠠᠷᠤᠶ ᠭᠡᠷ ᠲᠡᠭᠡᠨ ᠵᠠᠬᠢᠶᠠᠯᠠᠭ᠎ᠠ ᠪᠠᠨ ᠪᠡᠶᠡᠯᠡᠭᠦᠯᠵᠦ᠂ ᠬᠡᠷ ᠲᠡᠭᠡᠨ ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠪᠡ᠃
      ᠬᠤᠩ ᠮᠤᠤ ᠪᠠᠯᠭᠠᠰᠤᠨ ᠤ ᠵᠢᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠢᠶᠠ ᠶᠢᠩ ᠹᠠᠩ    ᠲᠠᠷᠠᠭᠠᠴᠢ ᠶᠢᠨ ᠠᠯᠬᠤᠮ ᠳᠤ᠂ ᠪᠢᠳᠡ ᠬᠥᠷᠰᠢ ᠵᠡᠷᠭᠡᠯᠡᠳᠡᠭᠡ ᠶᠢᠨ ᠲᠥᠪ ᠲᠤ ᠲᠦᠰᠢᠭᠯᠡᠨ᠂ ︽ᠬᠥᠮᠦᠨ ᠪᠦᠬᠦᠨ ᠦᠨᠡᠮᠯᠡᠯ ᠲᠠᠢ᠂ ᠴᠠᠭ ᠲᠤᠬᠠᠶ ᠳᠤᠨᠢ ᠠᠵᠢᠯ ᠤᠨ ᠪᠠᠶᠢᠷᠢ ᠳᠤ ᠭᠠᠷᠬᠤ︾ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ᠂ ᠬᠠᠨᠳᠤᠯᠭᠠᠲᠤ ᠴᠢᠨᠠᠷᠲᠠᠶ ᠪᠣᠯᠪᠠᠰᠤᠷᠠᠭᠤᠯᠤᠯ ᠥᠷᠨᠢᠭᠦᠯᠬᠦ᠂ ᠪᠣᠯᠪᠠᠰᠤᠷᠠᠭᠤᠯᠤᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ᠂ ᠠᠵᠢᠯ ᠤᠨ ᠪᠠᠶᠢᠷᠢ ᠳᠤ ᠭᠠᠷᠭᠠᠵᠤ ᠬᠡᠷᠡᠭᠯᠡᠵᠦ ᠪᠣᠯᠬᠤ ᠴᠢᠳᠠᠪᠤᠷᠢᠲᠠᠨ ᠢ ᠦᠨᠡᠨ ᠬᠦ ᠬᠥᠮᠦᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠤᠷᠢᠵᠤ ᠬᠡᠷᠡᠭᠯᠡᠬᠦ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ︽ᠬᠤᠤᠰ ᠬᠠᠨᠤᠮᠵᠢᠲᠠᠶ︾ ᠪᠣᠯᠭᠠᠨ᠎ᠠ  ᠭᠡᠵᠠᠢ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2