ᠠᠷᠪᠠᠨ ᠬᠤᠶᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠳᠠᠯ | ᠥᠬᠡᠶ ᠬᠦᠷᠴᠦ ᠢᠷᠡᠬᠦ ᠲᠠᠰᠢᠷᠠᠮ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠮᠰᠠᠷ ᠪᠠ ᠪᠣᠯᠪᠠᠰᠤᠨ ᠢᠶᠠᠷ ᠶᠠᠪᠤᠵᠤ ᠰᠠᠭᠤᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ | 11 ᠰᠠᠷ᠎ᠠ ᠶᠢᠨ 28 ᠤ ᠡᠳᠦᠷ᠂ ᠮᠠᠨ ᠤ ᠰᠢᠶᠠᠨ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠡᠳᠦᠷ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ | ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠱᠦᠵᠢ ᠯᠢ ᡁᠢ ᠭᠠᠩ ᠶᠣᠰᠣᠯᠠᠯ ᠳᠤ ᠣᠷᠣᠯᠴᠠᠪᠠ᠃ | | | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠭᠦᠯᠭᠡ ᠶᠢᠨ | ᠰᠠᠮᠪᠠᠷ᠎ᠠ ᠪᠠᠶᠢᠷᠢᠯᠠᠭᠤᠯᠬᠤ᠂ ᠠᠮᠤᠷ ᠲᠦᠪᠰᠢᠨ ᠤ ᠳᠤᠭᠤᠯᠠᠭ᠎ᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ | ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠯᠠᠭ᠎ᠠ ᠳᠤ ᠣᠷᠣᠯᠴᠠᠭᠰᠠᠨ ᠥᠷᠭᠡᠨ ᠣᠯᠠᠨ | ᠪᠠᠭᠰᠢ ᠰᠤᠷᠤᠭᠴᠢᠳ ᠵᠢᠴᠢ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠳᠤ | ᠪᠣᠯᠪᠠᠰᠤᠨ ᠢᠶᠠᠷ ᠣᠷᠣᠯᠴᠠᠭᠤᠯᠵᠤ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ | ᠪᠠᠶᠢᠭᠤᠯᠤᠨ᠎ᠠ᠃ ᠤᠯᠠᠭᠠᠨᠮᠥ᠋ᠴᠢᠷ ᠪᠠᠰᠠ ᠭᠤᠶᠢᠳᠠ ᠰᠠᠶᠢᠬᠠᠨ ᠪᠥᠵᠢᠭ ᠪᠠ ᠳᠠᠭᠤᠤ ᠪᠠᠷ ᠠᠵᠢᠯᠯᠠᠭ᠎ᠠ ᠳᠤ ᠨᠡᠩ ᠭᠦᠨ | ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠨᠡᠮᠡᠷᠢᠯᠡᠪᠡ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ | |