【 ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠳᠤᠶ᠎ᠠ 】2023-2024  ᠴᠠᠰᠤᠨ ᠤᠯᠠᠷᠢᠯ ᠤᠨ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠶᠢ ᠤᠳᠠᠯ ᠦᠭᠡᠢ ᠭᠠᠳᠠᠭᠰᠢ ᠨᠡᠭᠡᠭᠡᠬᠦ ᠭᠡᠵᠦ ᠪᠠᠶᠢᠨ᠎ᠠ
ᠨᠡᠶᠢᠲᠡᠯᠡᠭᠰᠡᠨ ᠴᠠᠭ᠄
2023/11/28
   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠳᠦᠷ ᠢᠷᠡᠬᠦᠶ᠎ᠡ ᠬᠦᠷᠴᠦ ᠢᠷᠡᠬᠦ ᠶᠢ ᠳᠠᠭᠠᠯᠳᠤᠨ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠳᠤ ᠪᠠᠶᠢᠭ᠎ᠠ ᠯᠢᠶᠠᠩᠴᠧᠩ ᠴᠠᠰᠤᠨ ᠳᠤ ᠭᠤᠯᠭᠤᠬᠤ ᠲᠠᠯᠠᠪᠠᠢ ᠣᠳᠣᠬᠠᠨ ᠳᠤ ᠨᠢᠭᠡᠨᠲᠡ ᠲᠠᠯᠠᠪᠤᠷ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠪᠥᠭᠡᠳ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂  ᠤᠶᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ 11 ᠰᠠᠷ᠎ᠠ ᠶᠢᠨ 30 ᠤ ᠡᠳᠦᠷ ᠴᠣ ᠰᠢᠨ᠎ᠡ ᠳᠦᠷᠰᠦ ᠪᠠᠶᠢᠳᠠᠯ ᠢᠶᠠᠷ ᠨᠠᠢᠮᠠᠨ ᠵᠣᠪᠬᠢᠰ ᠤᠨ ᠵᠤᠭᠠᠴᠠᠭᠰᠠᠳ ᠢ ᠤᠭᠲᠤᠬᠤ ᠪᠣᠯᠤᠨ᠎ᠠ᠃
       11 ᠰᠠᠷ᠎ᠠ ᠶᠢᠨ 28 ᠤ ᠡᠳᠦᠷ ᠤᠨ ᠥᠷᠯᠥᠭᠡ᠂ ᠰᠤᠷᠪᠤᠯᠵᠢᠯᠠᠭᠴᠢ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠳᠤ ᠬᠦᠷᠴᠦ ᠢᠷᠡᠪᠡ᠃ ᠠᠳᠡᠬᠢ ᠣᠯᠵᠤ ᠬᠠᠷᠠᠪᠠᠯ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠨᠢ 40 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠰᠡᠨ ᠯᠢᠶᠠᠩᠴᠧᠩ ᠤᠨ ᠴᠠᠰᠤᠨ ᠴᠠᠨ᠎ᠠ ᠶᠢᠨ ᠲᠠᠯᠠᠪᠠᠶ ᠶᠢᠨ ᠶᠡᠷᠦᠩᠬᠡᠶ ᠤᠷᠲᠤ ᠨᠢ ᠪᠠᠷᠤᠭ 1.5 ᠺᠢᠯᠣᠮᠧᠲᠷ ᠤᠨ ᠠᠩᠬ᠎ᠠ ᠵᠡᠷᠭᠡ ᠶᠢᠨ ᠵᠠᠮ᠂ ᠳᠤᠮᠳᠠ ᠵᠡᠷᠭᠡ ᠶᠢᠨ ᠵᠠᠮ 2 ᠵᠤᠷᠪᠤᠰ ᠢ ᠨᠢᠭᠡᠨᠲᠡ ᠪᠠᠶᠢᠭᠤᠯᠵᠤ᠂ ᠡᠳᠦᠷ ᠪᠦᠷᠢ 1500 ᠭᠤᠯᠭᠤᠭᠴᠢ ᠶᠢ ᠬᠦᠯᠢᠶᠡᠨ ᠠᠪᠴᠤ ᠂ ᠪᠤᠰᠤᠳ ᠴᠠᠰᠤᠨ ᠵᠠᠮ ᠢ ᠴᠤ ᠵᠠᠯᠭᠠᠯᠳᠤᠭ᠎ᠠ ᠪᠠᠷ ᠨᠡᠭᠡᠭᠡᠬᠦ ᠪᠣᠯᠤᠨ᠎ᠠ᠃
     ᠡᠨᠡ ᠵᠢᠯ᠂ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠶᠢᠨ ᠲᠥᠯᠥᠭᠡ᠂ ᠴᠠᠰᠤᠨ ᠤ ᠬᠡᠷᠡᠭᠰᠡᠯ ᠤᠨ ᠶᠡᠭᠡ ᠲᠢᠩᠬᠢᠮ ᠳᠤ 1000 ᠣᠶᠤᠨᠲᠤ ᠲᠦᠷ ᠬᠠᠳᠠᠭᠠᠯᠠᠬᠤ ᠬᠤᠷᠭᠤ ᠪᠠ ᠣᠶᠤᠨᠲᠤ ᠬᠠᠳᠠᠭᠠᠯᠠᠬᠤ ᠬᠠᠪᠲᠠᠰᠤ ᠰᠣᠯᠢᠵᠤ᠂ ᠵᠤᠭᠠᠴᠠᠭᠰᠠᠳ ᠤᠨ ᠬᠠᠳᠠᠭᠠᠯᠠᠬᠤ ᠳᠤ ᠳᠥᠭᠦᠮ ᠪᠣᠯᠵᠠᠢ᠃ ᠴᠠᠰᠤᠨ ᠤ ᠪᠠᠭᠠᠵᠢ ᠬᠡᠷᠡᠭᠰᠡᠯ ᠤᠨ ᠶᠡᠭᠡ ᠲᠢᠩᠬᠢᠮ ᠳᠤ 3000 ᠭᠠᠷᠤᠶ ᠢᠵᠢ ᠲᠥᠷᠥᠯ  ᠵᠤᠶᠢᠯ ᠡᠯᠪᠡᠭ ᠪᠠᠶᠠᠯᠢᠭ ᠴᠠᠰᠤᠨ ᠬᠡᠷᠡᠭᠰᠡᠯ ᠴᠦ ᠬᠦᠷᠴᠦ᠂ ᠴᠠᠰᠤᠨ ᠬᠡᠷᠡᠭᠰᠡᠯ ᠲᠦᠷᠢᠶᠡᠰᠦᠯᠡᠬᠦ᠂ ᠪᠢᠯᠧᠲ ᠬᠤᠳᠠᠯᠳᠤᠬᠤ᠂ ᠠᠶᠠᠨᠴᠢᠳ ᠤᠨ  ᠤᠶᠢᠯᠡᠴᠢᠯᠡᠭᠡ᠂ ᠢᠳᠡᠭᠡᠨ ᠤᠮᠳᠠᠭᠠᠨ᠂ ᠬᠡᠲᠦ ᠳᠡᠯᠭᠡᠭᠦᠷ ᠵᠡᠷᠭᠡ ᠨᠢᠭᠡ ᠥᠷᠲᠡᠭᠡ ᠮᠠᠶ᠋ᠢᠭ ᠤᠨ ᠪᠥᠬᠦ ᠲᠠᠯ᠎ᠠ ᠶᠢᠨ ᠤᠶᠢᠯᠡᠴᠢᠯᠡᠭᠡ ᠬᠠᠩᠭᠠᠨ᠎ᠠ᠃ ᠳᠤᠷᠠᠳᠤᠭᠤᠰᠢᠲᠠᠶ ᠵᠦᠢᠯ ᠭᠡᠪᠡᠯ᠂ ᠡᠨᠡ ᠵᠢᠯ ᠤᠨ ᠴᠠᠰᠤᠨ ᠳᠤ ᠭᠤᠯᠭᠤᠬᠤ ᠲᠠᠯᠠᠪᠠᠢ ᠪᠠᠰᠠ ᠥᠪᠥᠷ ᠮᠣᠩᠭᠤᠯ ᠤᠨ ᠴᠠᠰᠤᠨ ᠳᠡᠭᠡᠷᠡᠬᠢ ᠲᠥᠷᠥᠯ ᠵᠦᠢᠯ ᠤᠨ ᠲᠠᠮᠢᠷ ᠤᠨ ᠨᠡᠶᠢᠭᠡᠮᠯᠢᠭ ᠲᠠᠢ ᠬᠠᠮᠲᠤᠷᠠᠯᠴᠠᠵᠤ᠂ ᠲᠤᠰᠬᠠᠶ ᠮᠡᠷᠭᠡᠵᠢᠯ ᠤᠨ ᠬᠢᠷᠢ ᠬᠡᠮ ᠲᠠᠢ ᠴᠠᠰᠤᠨ ᠳᠤ ᠭᠤᠯᠭᠤᠬᠤ ᠰᠤᠷᠭᠠᠭᠴᠢ ᠶᠢᠨ ᠪᠦᠯᠬᠦᠮ ᠢ ᠤᠷᠢᠵᠤ᠂ ᠪᠠᠰᠠ ᠲᠤᠰᠬᠠᠶ ᠮᠡᠷᠭᠡᠵᠢᠯ ᠤᠨ ᠴᠠᠰᠤᠨ ᠳᠤ ᠭᠤᠯᠭᠤᠬᠤ ᠬᠢᠴᠢᠶᠡᠯ ᠢ ᠪᠡᠯᠡᠳᠬᠡᠵᠦ᠂ ᠴᠠᠰᠤᠨ ᠳᠤ ᠭᠤᠯᠭᠤᠬᠤ ᠳᠤᠷᠠᠲᠠᠶ ᠬᠥᠮᠦᠰ ᠲᠤ ᠴᠠᠰᠤᠨ ᠳᠤ ᠭᠤᠯᠭᠤᠬᠤ ᠬᠠᠮᠤᠭ ᠤᠨ ᠰᠢᠯᠢᠳᠡᠭ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠵᠤ ᠪᠣᠯᠤᠨ᠎ᠠ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2