【 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠠᠩᠬᠠᠷᠤᠯ ᠢᠶᠠᠨ ᠲᠦᠪᠯᠡᠷᠡᠭᠦᠯᠦᠶ᠎ᠡ】 ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠲᠠᠢ‌‍ᠰᠠᠶᠢᠨ  ᠨᠠᠮ‌ᠡᠭᠦᠷ ᠤᠨ ᠱᠦᠵᠢ - ᠯᠢᠦ ᠶᠠᠨ ᠹᠠᠩ
ᠨᠡᠶᠢᠲᠡᠯᠡᠭᠰᠡᠨ ᠴᠠᠭ᠄
2023/11/28
   ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠶᠠᠪᠤᠴᠠ ᠳᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠ ᠰᠢᠷᠭᠠᠭᠤ ᠬᠠᠲᠠᠭᠤᠵᠢᠯᠲᠠᠢ ᠠᠵᠢᠯᠯᠠᠬᠤ ᠵᠣᠷᠢᠭ ᠰᠠᠨᠠᠭ᠎ᠠ ᠪᠠᠷ ᠲᠣᠰᠬᠤᠨ ᠤ ᠬᠠᠮᠲᠤ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠪᠠ ᠲᠠᠪᠰᠢᠯᠳᠠ ᠶᠢ ᠢᠳᠡᠪᠬᠢᠲᠡᠢ ᠠᠬᠢᠭᠤᠯᠪᠠ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠡᠭᠦᠷᠭᠡᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠣᠰᠬᠤᠨ ᠤ ᠠᠷᠠᠳ ᠲᠤ ᠦᠢᠯᠡᠴᠢᠯᠡᠵᠦ᠂ ᠲᠣᠰᠬᠤᠨ ᠤ ᠠᠷᠠᠳ ᠢ ᠳᠠᠭᠠᠭᠤᠯᠤᠨ ᠪᠠᠶᠠᠨ ᠴᠢᠨᠡᠭᠡᠯᠢᠭ ᠪᠠ ᠵᠣᠯ ᠵᠢᠷᠭᠠᠯ ᠲᠠᠢ ᠤᠷᠤᠭᠰᠢᠯᠠᠪᠠ᠃ ᠥᠨᠥᠳᠦᠷ ᠮᠠᠨ ᠤ ᠲᠡᠮᠳᠡᠭᠯᠡᠯ ᠪᠣᠯ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠰᠠᠨ ᠳ᠋ᠤᠤ ᠶᠢᠩ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠯᠢᠦ ᠶᠠᠨ ᠹᠠᠩ ᠪᠣᠯᠤᠨ᠎ᠠ᠃
        ᠯᠢᠦ ᠶᠠᠨ ᠹᠠᠩ 2018 ᠣᠨ ᠳᠤ ᠰᠢᠶᠠᠨ ᠤ ᠤᠶᠤᠲᠠᠳ ᠤᠨ ᠲᠣᠰᠬᠤᠨ ᠳᠠᠭᠠᠨ ᠬᠠᠷᠢᠵᠤ ᠲᠤᠰᠢᠶᠠᠯ ᠡᠭᠦᠷᠭᠡᠯᠡᠬᠦ ᠶᠢ ᠵᠣᠷᠢᠭᠵᠢᠭᠤᠯᠬᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠲᠤᠰ ᠵᠢᠯ ᠳᠤ ᠤᠯᠠᠨ ᠲᠦᠮᠡᠨ ᠳᠤ ᠰᠠᠨ ᠳ᠋ᠤᠤ ᠶᠢᠩ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ᠃ 2021 ᠣᠨ ᠤ ᠲᠣᠰᠬᠤᠨ ᠤ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠳᠤ ᠲᠡᠷᠡ ᠰᠠᠨ ᠳ᠋ᠤᠤ ᠶᠢᠩ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ︔  ᠲᠣᠰᠬᠤᠨ ᠤ ᠺᠠᠳ᠋ᠷ ᠪᠣᠯᠤᠭᠰᠠᠨ ᠤ ᠬᠤᠪᠢ ᠳᠤ᠂ ᠯᠢᠦ ᠶᠠᠨ ᠹᠠᠩ ᠨᠥᠬᠦᠷ ᠨᠡᠩ ᠴᠢᠬᠤᠯᠠ ᠬᠠᠷᠢᠭᠤᠴᠠᠯᠭ᠎ᠠ ᠪᠣᠯᠤᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠲᠡᠷᠡ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠪᠠᠷ ᠪᠠᠷᠠᠬᠤ ᠦᠭᠡᠢ ᠠᠶᠢᠯ ᠲᠣᠰᠬᠤᠨ ᠤ ᠬᠥᠭᠵᠢᠯᠲᠡ ᠪᠠ ᠪᠦᠳᠦᠭᠡᠨ ᠪᠠᠶᠢᠭᠤᠯᠤᠯᠲᠠ ᠶᠢ ᠪᠠᠰᠠ ᠢᠳᠡᠪᠬᠢᠲᠡᠢ ᠠᠬᠢᠭᠤᠯᠬᠤ ᠬᠡᠷᠡᠭᠲᠡᠢ᠃      ᠲᠣᠰᠬᠤᠨ ᠤ ᠠᠷᠠᠳ ᠤᠨ ᠶᠠᠪᠤᠳᠠᠯ ᠳᠤ ᠪᠠᠭ᠎ᠠ ᠶᠠᠪᠤᠳᠠᠯ ᠪᠠᠶᠢᠬᠤ  ᠦᠭᠡᠢ᠃ ᠲᠣᠰᠬᠤᠨ ᠤ ᠨᠠᠰᠤᠲᠠᠶᠢᠴᠤᠳ ᠲᠤ ᠶᠠᠪᠤᠵᠤ ᠰᠠᠭᠤᠬᠤ ᠳᠤ ᠳᠥᠭᠦᠮ ᠦᠭᠡᠢ ᠦᠷ᠎ᠡ ᠬᠡᠦᠬᠡᠳ ᠲᠠᠢ᠂ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ᠂ ᠲᠡᠭᠦᠨ ᠢ ᠡᠷᠢᠵᠦ ᠣᠯᠳᠠᠭ ᠯᠠ ᠶᠤᠮ ᠪᠣᠯ ᠲᠡᠷᠡ ᠴᠢᠳᠠᠯ ᠤᠨ ᠬᠢᠷᠢ ᠪᠠᠷ ᠢᠶᠠᠨ ᠵᠠᠷᠢᠮ ᠴᠢᠳᠠᠯ ᠤᠨ ᠬᠢᠨᠢ ᠬᠦᠴᠢᠷᠳᠡᠯ ᠢ ᠬᠦᠯᠢᠴᠡᠩᠭᠦᠢ ᠪᠠᠷ ᠬᠠᠪᠰᠤᠷᠤᠨ ᠰᠢᠢᠳᠪᠦᠷᠢᠯᠡᠵᠦ᠂ ᠲᠦᠷᠭᠡᠨ ᠬᠦᠷᠭᠡᠯᠲᠡ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ᠂ ᠤᠴᠢᠷ ᠶᠠᠪᠤᠳᠠᠯ ᠢ ᠳᠠᠭᠤᠰᠬᠠᠬᠤ᠂ ᠡᠮ ᠤᠨ ᠵᠦᠢᠯᠡᠰ ᠢ ᠣᠷᠣᠯᠠᠨ ᠬᠤᠳᠠᠯᠳᠤᠨ ᠠᠪᠬᠤ ᠵᠢᠴᠢ ᠡᠳᠦᠷ ᠳᠤᠳᠤᠮ ᠤᠨ ᠠᠮᠢᠳᠤᠷᠠᠯ ᠤᠨ ᠬᠡᠷᠡᠭᠰᠡᠯ ᠵᠡᠷᠭᠡ ᠶᠢ ᠠᠪᠴᠤ᠂ ᠪᠠᠭ᠎ᠠ ᠶᠠᠪᠤᠳᠠᠯ ᠰᠢᠭ᠋ ᠦᠵᠡᠬᠦ ᠳᠤ ᠪᠠᠭ᠎ᠠ ᠰᠠᠭ᠎ᠠ ᠶᠠᠪᠤᠳᠠᠯ ᠪᠢᠰᠢ᠂ ᠲᠡᠷᠡ ᠢᠮᠠᠭᠲᠠ ᠠᠷᠠᠳ ᠤᠨ ᠲᠥᠯᠥᠭᠡ ᠭᠡᠬᠦ ᠤᠭ ᠰᠠᠨᠠᠭ᠎ᠠ ᠶᠢ ᠪᠠᠷᠢᠮᠲᠠᠯᠠᠵᠤ᠂ ᠲᠣᠰᠬᠤᠨ ᠤ ᠠᠷᠠᠳ ᠤᠨ ᠪᠣᠳᠠᠲᠠᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠥᠷᠭᠡᠨ ᠤᠯᠠᠨ ᠲᠣᠰᠬᠤᠨ ᠤ ᠠᠷᠠᠳ ᠤᠨ ᠵᠥᠪᠰᠢᠶᠡᠷᠡᠯ ᠪᠠ ᠮᠠᠭᠲᠠᠭᠠᠯ ᠰᠠᠶᠢᠰᠢᠶᠠᠯ ᠢ ᠣᠯᠵᠠᠢ᠃      ᠲᠣᠰᠬᠤᠨ ᠤ ᠠᠷᠠᠳ ᠯᠢᠶᠠᠩ ᠯᠢ ᠱᠧᠩ    ᠡᠪᠡᠳᠴᠢᠨ ᠦᠵᠡᠭᠦᠯᠦᠭᠡᠳ ᠬᠠᠷᠢᠵᠤ ᠢᠷᠡᠪᠡᠯ ᠳᠠᠩᠰᠠ ᠴᠠᠶᠢᠷᠠᠭᠤᠯᠬᠤ ᠴᠢᠬᠤᠯᠠᠲᠠᠢ᠂ ᠳᠠᠩᠰᠠ ᠴᠠᠶᠢᠷᠠᠭᠤᠯᠬᠤ ᠦᠶᠡᠰ ᠭᠡᠷ ᠪᠠᠰᠠ ᠶᠠᠪᠤᠵᠤ ᠳᠡᠶᠢᠯᠬᠦ ᠦᠭᠡᠢ᠂ ᠯᠢᠦ ᠱᠦᠵᠢ ᠲᠠᠢ ᠠᠭᠤᠯᠵᠠᠨ᠎ᠠ᠂ ᠯᠢᠦ ᠱᠦᠵᠢ ᠨᠠᠳᠠ ᠶᠢ ᠲᠡᠷᠭᠡ ᠪᠠᠷ  ᠯᠢᠶᠠᠩᠴᠧᠩ ᠳᠤ ᠠᠪᠠᠴᠢᠵᠤ᠂ ᠯᠢᠦ  ᠱᠦᠵᠢ ᠳᠤ ᠲᠠᠯᠠᠷᠬᠠᠵᠤ ᠪᠠᠶᠢᠨ᠎ᠠ᠂ ᠡᠩ ᠤᠨ ᠦᠶ᠎ᠡ ᠳᠤ ᠮᠠᠨ ᠤ ᠲᠣᠰᠬᠤᠨ ᠤ ᠠᠷᠠᠳ ᠲᠤ ᠪᠠᠰᠠ ᠲᠤᠩ ᠰᠠᠶᠢᠨ᠂ ᠮᠠᠨ ᠤ ᠲᠣᠰᠬᠤᠨ ᠤ ᠠᠷᠠᠳ ᠲᠤ ᠵᠠᠮ ᠤᠨ ᠳ᠋ᠧᠩ ᠥᠭᠴᠦ᠂ ᠡᠩ ᠤᠨ ᠦᠶ᠎ᠡ ᠳᠤ ᠴᠠᠬᠢᠯᠭᠠᠨ ᠤ ᠰᠦᠢᠳᠬᠡᠯ ᠲᠤᠰᠢᠶᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠯᠢᠦ ᠱᠦᠵᠢ ᠲᠠᠢ ᠠᠭᠤᠯᠵᠠᠨ᠎ᠠ᠃    ᠠᠵᠢᠯ ᠤᠨ ᠳᠤᠮᠳᠠ᠂ ᠯᠢᠦ ᠶᠠᠨ ᠹᠠᠩ ᠨᠥᠬᠦᠷ ᠥᠪᠡᠷ ᠤᠨ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠪᠠᠨ ᠪᠠᠳᠠᠷᠠᠭᠤᠯᠬᠤ ᠶᠢ ᠴᠢᠬᠤᠯᠠᠴᠢᠯᠠᠵᠤ᠂ ᠲᠣᠰᠬᠤᠨ ᠤ ᠪᠣᠳᠠᠲᠤ ᠪᠠᠶᠢᠳᠠᠯ ᠤᠨ ᠶᠣᠰᠣᠭᠠᠷ ᠲᠥᠯᠥᠪᠵᠢᠭᠦᠯᠦᠨ᠂ ᠭᠠᠷᠬᠤ ᠵᠠᠮ ᠡᠷᠢᠯᠬᠢᠯᠡᠵᠦ᠂ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠶᠢᠯ ᠲᠣᠰᠬᠤᠨ ᠳᠤ ᠬᠥᠭᠵᠢᠯᠲᠡ ᠶᠢᠨ ᠪᠡᠯᠡ ᠮᠥᠩᠭᠦ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠡᠮᠡᠴᠡᠨ ᠣᠯᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠠᠵᠤ ᠠᠬᠤᠶ ᠶᠢ ᠬᠥᠭᠵᠢᠭᠦᠯᠵᠦ᠂ ᠲᠣᠰᠬᠤᠨ ᠤ ᠠᠷᠠᠳ ᠤᠨ ᠣᠷᠣᠯᠭ᠎ᠠ ᠪᠠ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠲᠡᠭᠦᠨ ᠤ ᠳᠠᠭᠠᠭᠤᠯᠭ᠎ᠠ ᠳᠣᠣᠷ᠎ᠠ᠂ ᠰᠠᠨ ᠳ᠋ᠤᠤ ᠶᠢᠩ ᠲᠣᠰᠬᠤᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠢᠯᠡᠳᠲᠡ ᠰᠠᠶᠢᠵᠢᠷᠠᠪᠠ᠃ ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠤᠶᠤᠲᠠᠳ ᠤᠨ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠬᠦ ᠶᠢᠨ ᠠᠴᠢ ᠬᠤᠯᠪᠣᠭᠳᠠᠯ ᠪᠠ ᠦᠨ᠎ᠡ ᠦᠷᠳᠡᠭ ᠢ ᠲᠠᠶᠢᠯᠪᠤᠷᠢᠯᠠᠵᠤ ᠂ ᠲᠡᠭᠦᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠨᠢ ᠨᠡᠩ ᠤᠯᠠᠨ ᠵᠠᠯᠠᠭᠤᠴᠤᠳ ᠤᠨ ᠨᠤᠲᠤᠭ ᠤᠰᠤᠨ ᠤ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠵᠤ ᠪᠠᠶᠢᠪᠠ᠃
     ᠯᠢᠦ ᠶᠠᠨ ᠹᠠᠩ    ᠳᠠᠷᠠᠭᠠᠴᠢ ᠶᠢᠨ ᠠᠯᠬᠤᠮ ᠳᠤ᠂ ᠪᠢ ᠦᠷᠭᠦᠯᠵᠢᠯᠡᠨ ᠯᠠᠪᠳᠠᠭᠤᠨ ᠪᠠᠲᠤᠲᠠᠢ ᠠᠵᠢᠯᠯᠠᠵᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠲᠣᠰᠬᠤᠨ ᠤ ᠬᠤᠶᠠᠷ ᠵᠥᠪᠯᠡᠯ ᠤᠨ ᠪᠠᠭ ᠢ ᠳᠠᠭᠠᠭᠤᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳ᠋ᠤ᠋‌‍ᠬᠦ᠋ᠴᠦᠨ ᠴᠢᠳᠠᠯ ᠢᠶᠠᠨ ᠡᠷᠭᠦᠨ᠎ᠡ   ᠭᠡᠵᠠᠢ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2