ᠥᠪᠡᠷᠲᠡᠭᠡᠨ ᠵᠠᠰᠠᠬᠤ ᠣᠷᠣᠨ ᠤ ᠰᠠᠶᠢᠨ ᠲᠤᠷᠠᠴᠤᠳ ᠤᠨ ᠠᠵᠢᠯ ᠤᠨ ᠬᠡᠯᠳᠡᠰ ᠮᠠᠨ ᠤ ᠰᠢᠶᠠᠨ ᠳᠤ ᠬᠦᠷᠴᠦ ᠲᠣᠭᠤᠷᠢᠨ ᠦᠵᠡᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/11/6
  11 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ ᠺᠤᠸᠠᠩ ᠰᠢᠶᠤᠤ ᠯᠸᠢ ᠥᠪᠡᠷᠲᠡᠭᠡᠨ ᠵᠠᠰᠠᠬᠤ ᠣᠷᠣᠨ ᠤ ᠰᠠᠶᠢᠨ ᠲᠤᠷᠠᠴᠤᠳ ᠤᠨ ᠠᠵᠢᠯ ᠤᠨ ᠬᠡᠯᠲᠡᠰ ᠮᠠᠨ ᠤ ᠰᠢᠶᠠᠨ ᠳᠤ ᠬᠦᠷᠴᠦ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠪᠡᠯᠡᠳᠬᠡᠯ ᠠᠵᠢᠯ ᠢ ᠲᠣᠭᠤᠷᠢᠨ ᠦᠵᠡᠵᠦ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠵᠠᠯᠠᠭᠤᠴᠤᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠠᠩ ᠭᠦᠸᠧ ᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠸᠢ ᠺᠦᠨ᠂ ᠤᠯᠠᠭᠠᠨᠴᠠᠪ ᠬᠤᠲᠠ ᠶᠢᠨ ᠡᠪᠯᠡᠯ ᠤᠨ ᠬᠤᠷᠢᠶᠠᠨ ᠤ ᠱᠦᠵᠢ ᠵᠠᠩ ᠵᠢᠶᠦ᠋ᠨ ᠯᠸᠢ᠂ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠰᠢᠤᠢ ᠸᠧᠨ ᠺᠠᠶ᠂ ᠵᠧᠩ ᠶᠠᠨ ᠹᠠᠩ ᠪᠠᠷ᠎ᠠ ᠪᠣᠯᠵᠣ ᠲᠣᠭᠤᠷᠢᠨ ᠦᠵᠡᠵᠦ ᠶᠠᠷᠢᠯᠴᠠᠬᠤ ᠬᠤᠷᠠᠯ ᠳᠤ ᠣᠷᠣᠯᠴᠠᠪᠠ᠃
       ᠵᠢᠯᠣᠭᠤᠳᠬᠤ ᠳᠤᠭᠤᠶᠢᠯᠠᠩ ᠤᠷᠢᠳ ᠬᠤᠵᠢᠳ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠭᠡᠷ᠂ ᠬᠡᠭᠡᠷᠡᠯᠡᠨ ᠠᠶᠠᠯᠠᠬᠤ ᠤᠷᠤᠯᠳᠤᠭᠠᠨ ᠤ ᠵᠠᠮ᠂ ᠴᠢᠳᠠᠮᠵᠢ ᠳᠤ ᠬᠡᠷᠡᠭᠯᠡᠬᠦ ᠭᠡᠷ ᠪᠠᠶᠢᠷᠢᠯᠠᠭᠤᠯᠬᠤ ᠲᠠᠪᠴᠠᠩ ᠵᠢᠴᠢ ᠯᠢᠶᠠᠩᠴᠧᠩ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠰᠠᠭᠤᠭ᠎ᠠ ᠭᠠᠵᠠᠷ ᠲᠤ ᠬᠦᠷᠴᠦ᠂ ᠤᠷᠤᠯᠳᠤᠭᠠᠨ ᠤ ᠵᠠᠮ ᠤᠨ ᠥᠭᠡᠷᠡᠴᠢᠯᠡᠯᠲᠡ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠭᠡᠷ ᠤᠨ ᠣᠷᠴᠢᠨ ᠲᠣᠭᠤᠷᠢᠨ ᠤ ᠪᠠᠶᠢᠷᠢᠯᠠᠭᠤᠯᠤᠯᠲᠠ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠴᠢᠳᠠᠮᠵᠢ ᠶᠢᠨ ᠣᠷᠣᠨ ᠪᠠᠶᠢᠷᠢ ᠶᠢᠨ ᠲᠠᠷᠬᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃
       ᠶᠠᠷᠢᠯᠴᠠᠬᠤ ᠬᠤᠷᠠᠯ ᠳᠡᠭᠡᠷ᠎ᠡ᠂ ᠵᠠᠩ ᠵᠢᠶᠦ᠋ᠨ ᠯᠸᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠲᠤᠷᠠᠴᠤᠳ ᠤᠨ ᠦᠢᠯᠡᠴᠢᠯᠡᠭᠡᠨ ᠤ ᠬᠡᠯᠲᠡᠰ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠺᠤᠸᠠᠩ ᠰᠢᠶᠤᠤ ᠯᠸᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠵᠦᠢᠯᠡᠰ ᠢ ᠪᠣᠳᠠᠲᠠᠶ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠪᠠ ᠡᠭᠦᠷᠭᠡ ᠬᠠᠷᠢᠭᠤᠴᠠᠯᠭ᠎ᠠ ᠶᠢ ᠵᠣᠯᠭᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠰᠠᠶᠢᠨ ᠳᠤᠷᠠᠴᠤᠳ ᠤᠨ ᠠᠮᠤᠷ ᠲᠦᠪᠰᠢᠨ ᠤ ᠪᠠᠲᠤᠯᠠᠭ᠎ᠠ ᠪᠣᠯᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠠᠶᠢᠨ ᠳᠤᠷᠠᠴᠤᠳ ᠢ ᠠᠮᠤᠷ ᠲᠦᠪᠰᠢᠨ ᠢᠶᠠᠷ ᠠᠵᠢᠯ ᠤᠨ ᠪᠠᠶᠢᠷᠢ ᠳᠤ ᠭᠠᠷᠭᠠᠬᠤ᠂ ᠵᠣᠪᠠᠨᠢᠯ ᠦᠭᠡᠢ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠳᠤᠮᠳᠠ ᠥᠪᠥᠷ ᠮᠣᠩᠭᠤᠯ ᠤᠨ ᠵᠠᠯᠠᠭᠤᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠢ ᠰᠠᠶᠢᠲᠤᠷ ᠤᠬᠠᠭᠤᠯᠵᠤ᠂ ᠰᠠᠶᠢᠨ ᠰᠠᠶᠢᠬᠠᠨ ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠬᠤᠲᠠ᠂ ᠰᠢᠶᠠᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠲᠣᠭᠤᠷᠢᠨ ᠦᠵᠡᠬᠦ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2