【 ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ 】 ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠯᠢᠶᠠᠩᠴᠧᠩ ᠳᠠᠬᠢ ᠤᠷᠤᠯᠳᠤᠭᠠᠨ ᠤ ᠲᠣᠭᠤᠷᠢᠭ ᠤᠨ ᠡᠯ᠎ᠡ ᠵᠦᠢᠯ ᠤᠨ ᠪᠡᠯᠡᠳᠬᠡᠯ ᠠᠵᠢᠯ ᠡᠮᠬᠢ ᠵᠢᠷᠤᠮ ᠲᠠᠢ  ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/11/6
    ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠪᠣᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠪᠢᠶᠠᠷᠢ ᠤᠷᠤᠯᠳᠤᠭᠠᠨ ᠤ ᠲᠠᠯᠠᠪᠠᠢ ᠶᠢᠨ ᠨᠢᠭᠡ ᠪᠣᠯᠤᠨ᠎ᠠ᠂ ᠯᠢᠶᠠᠩᠴᠧᠩ ᠰᠢᠶᠠᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠳᠠᠭᠠᠭᠠᠴᠢᠯᠠᠨ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠤᠤᠯ ᠤᠨ ᠴᠠᠰᠤᠨ ᠳᠤ ᠭᠤᠯᠭᠤᠬᠤ ᠲᠠᠯᠠᠪᠠᠢ ᠶᠢᠨ ᠬᠡᠪᠴᠢᠶ᠎ᠡ ᠪᠣᠯᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠵᠦ᠂ ᠬᠠᠲᠠᠭᠤ ᠬᠡᠷᠡᠭᠰᠡᠯ ᠤᠨ ᠨᠥᠬᠦᠴᠡᠯ ᠢ ᠰᠠᠶᠢᠵᠢᠷᠠᠭᠤᠯᠵᠤ᠂ ᠵᠥᠭᠡᠯᠡᠨ ᠲᠣᠨᠤᠭ ᠤᠨ ᠲᠦᠪᠰᠢᠨ ᠢ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠢ ᠬᠠᠮᠠᠭᠠᠯᠠᠪᠠ᠃
       ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠯᠢᠶᠠᠩᠴᠧᠩ ᠤᠨ ᠭᠦᠢᠴᠡᠳᠬᠡᠬᠦ ᠺᠣᠮᠢᠰ ᠡᠪᠦᠯ ᠤᠨ ᠤᠯᠠᠷᠢᠯ ᠤᠨ ᠬᠤᠶᠠᠷ  ᠵᠤᠶᠢᠯ᠂ ᠬᠡᠭᠡᠷ᠎ᠡ ᠶᠢᠨ ᠴᠠᠰᠤᠨ ᠳᠤ ᠭᠤᠯᠭᠤᠬᠤ᠂ ᠬᠠᠷᠰᠢ ᠰᠠᠭᠠᠳ ᠢ ᠨᠡᠬᠡᠮᠵᠢᠯᠡᠬᠦ ᠭᠤᠷᠪᠠᠨ ᠲᠥᠷᠥᠯ  ᠵᠤᠶᠢᠯ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠲᠠᠢ ᠣᠯᠠᠨ ᠤᠳᠠᠭ᠎ᠠ ᠵᠣᠯᠭᠠᠭᠤᠯᠵᠤ᠂ ᠤᠷᠤᠯᠳᠤᠭᠠᠨ ᠤ ᠴᠢᠳᠠᠮᠵᠢ ᠶᠢᠨ ᠬᠡᠷ ᠤᠨ ᠪᠠᠶᠢᠷᠢᠰᠢᠭᠤᠯᠤᠯᠲᠠ᠂ ᠤᠷᠤᠯᠳᠤᠭᠠᠨ ᠤ ᠵᠠᠮ ᠤᠨ ᠵᠢᠷᠤᠭ ᠲᠥᠯᠥᠪᠯᠡᠭᠡ᠂ ᠫᠤᠤᠳᠠᠯᠭ᠎ᠠ ᠶᠢᠨ ᠫᠤᠤᠳᠠᠯᠭ᠎ᠠ ᠶᠢᠨ ᠲᠠᠯᠠᠪᠠᠶ ᠵᠡᠷᠭᠡ ᠭᠠᠵᠠᠷ ᠲᠤ ᠬᠠᠶᠢᠨ ᠪᠠᠶᠢᠴᠠᠭᠠᠯᠲᠠ ᠬᠢᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠪᠦᠷᠢᠨ ᠲᠡᠭᠦᠯᠳᠡᠷ ᠲᠥᠯᠥᠪᠯᠡᠭᠡ ᠶᠢ ᠲᠣᠭᠲᠠᠭᠠᠪᠠ᠃ 11 ᠰᠠᠷ᠎ᠠ ᠪᠣᠯᠬᠤ ᠳᠤ᠂ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠳᠤ ᠮᠠᠰᠢᠨ ᠬᠦᠩᠭᠢᠨᠡᠵᠦ᠂ ᠶᠠᠭᠠᠷᠠᠯᠲᠠᠢ ᠪᠠᠷᠢᠯᠭ᠎ᠠ ᠶᠢᠨ ᠠᠵᠢᠯ ᠤᠨ ᠪᠠᠶᠢᠳᠠᠯ ᠢᠯᠡᠷᠡᠵᠦ᠂ ᠠᠵᠢᠯᠴᠢᠳ ᠶᠠᠭ ᠴᠠᠰᠤᠨ ᠳᠤ ᠭᠤᠯᠭᠤᠬᠤ ᠲᠠᠯᠠᠪᠠᠢ ᠶᠢᠨ ᠲᠠᠲᠠᠭᠤᠷ ᠲᠡᠷᠭᠡ ᠵᠢᠴᠢ ᠮᠠᠰᠢᠨ ᠲᠥᠬᠦᠭᠡᠷᠦᠮᠵᠢ ᠶᠢ ᠪᠦᠬᠦ ᠲᠠᠯ᠎ᠠ ᠪᠠᠷ ᠬᠠᠮᠠᠭᠠᠯᠠᠨ ᠰᠡᠯᠪᠢᠵᠦ ᠪᠠᠶᠢᠨ᠎ᠠ᠃ ᠤᠷᠤᠯᠳᠤᠭᠠᠨ ᠤ ᠵᠠᠮ ᠳᠡᠭᠡᠷ᠎ᠡ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠠᠷᠢᠮᠵᠢᠶ᠎ᠠ ᠶᠣᠰᠣᠭᠠᠷ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠥᠭᠡᠷᠡᠴᠢᠯᠡᠬᠦ ᠠᠵᠢᠯ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠪᠡ᠃ ᠡᠪᠦᠯ ᠤᠨ ᠤᠯᠠᠷᠢᠯ ᠤᠨ ᠬᠤᠶᠠᠷ ᠲᠥᠷᠥᠯ ᠤᠨ ᠤᠷᠤᠯᠳᠤᠭᠠᠨ ᠤ ᠫᠤᠤᠳᠠᠯᠭ᠎ᠠ ᠶᠢᠨ ᠲᠠᠯᠠᠪᠠᠶ ᠶᠢ 210 ᠮᠧᠳ᠋ᠷ ᠤᠷᠲᠤᠳᠬᠠᠪᠠ︔ ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠢ ᠲᠤᠰᠬᠠᠶ ᠮᠡᠷᠭᠡᠵᠢᠯᠲᠡᠨ ᠤ ᠱᠠᠭᠠᠷᠳᠠᠯᠭ᠎ᠠ ᠶᠣᠰᠣᠭᠠᠷ ᠨᠡᠶᠢᠲᠡ 8 ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ 500 ᠲᠠᠮᠢᠷᠴᠢᠨ ᠤ ᠣᠷᠣᠬᠤ ᠡᠭᠦᠳᠡ ᠶᠢ ᠰᠢᠨ᠎ᠡ ᠪᠠᠷ ᠪᠠᠶᠢᠭᠤᠯᠵᠤ᠂ 500 ᠬᠠᠭᠤᠴᠢᠨ ᠬᠠᠮᠠᠭᠠᠯᠠᠯᠲᠠ ᠶᠢᠨ ᠲᠣᠤᠷ ᠤᠨ ᠡᠰᠢ ᠶᠢ ᠨᠤᠷᠠᠭᠠᠵᠤ᠂ 140 ᠬᠠᠮᠠᠭᠠᠯᠠᠯᠲᠠ ᠶᠢᠨ ᠲᠣᠤᠷ ᠤᠨ ᠡᠰᠢ ᠶᠢ ᠰᠢᠨ᠎ᠡ ᠪᠠᠷ ᠵᠠᠶᠢᠯᠠᠵᠤ᠂ 11 ᠲᠥᠬᠦᠭᠡᠷᠦᠮᠵᠢ ᠶᠢ ᠥᠭᠡᠷᠡᠴᠢᠯᠡᠨ ᠵᠠᠰᠠᠵᠤ᠂ 2 ᠤᠰᠤ ᠭᠠᠷᠭᠠᠬᠤ ᠠᠮᠠᠰᠠᠷ ᠢ ᠰᠢᠯᠵᠢᠭᠦᠯᠦᠨ ᠠᠵᠢᠯᠯᠠᠭᠤᠯᠪᠠ︔ ᠰᠠᠭᠠᠳ ᠲᠣᠳᠬᠠᠷ ᠤᠨ ᠤᠷᠤᠯᠳᠤᠭᠠᠨ ᠤ ᠵᠠᠮ ᠤᠨ ᠰᠢᠨ᠎ᠡ ᠪᠠᠷ ᠨᠡᠭᠡᠭᠡᠭᠰᠡᠨ ᠠᠪᠤᠷᠠᠨ ᠲᠤᠰᠠᠯᠠᠬᠤ ᠵᠠᠮ 1300 ᠮᠧᠳ᠋ᠷ ᠤᠷᠲᠤ᠂ 2 ᠤᠰᠤ ᠳᠠᠮᠵᠢᠭᠤᠯᠬᠤ ᠬᠤᠭᠤᠯᠠᠶ ᠶᠢ ᠰᠢᠯᠵᠢᠭᠦᠯᠦᠨ ᠠᠵᠢᠯᠯᠠᠭᠤᠯᠪᠠ︔ ᠰᠠᠭᠠᠳ ᠲᠣᠳᠬᠠᠷ ᠤᠨ ᠤᠷᠤᠯᠳᠤᠭᠠᠨ ᠤ ᠵᠠᠮ ᠤᠨ ᠥᠨᠳᠥᠷ ᠣᠷᠣᠨ ᠳᠤ 2050 ᠮᠧᠳ᠋ᠷ ᠤᠷᠳᠤ᠂ 50 ᠤᠰᠤ ᠭᠠᠷᠭᠠᠬᠤ ᠬᠤᠭᠤᠯᠠᠶ ᠶᠢ ᠰᠢᠨ᠎ᠡ ᠪᠠᠷ ᠨᠡᠮᠡᠭᠳᠡᠭᠦᠯᠵᠦ᠂ ᠲᠠᠷᠠᠭᠠᠴᠢ ᠶᠢᠨ ᠠᠯᠬᠤᠮ ᠤᠨ ᠴᠠᠰᠤ ᠦᠢᠯᠡᠳᠬᠦ ᠠᠵᠢᠯ ᠳᠤ ᠪᠠᠲᠤ ᠪᠠᠲᠤᠯᠠᠭ᠎ᠠ ᠬᠠᠩᠭᠠᠭᠰᠠᠨ ᠪᠠᠶᠢᠨ᠎ᠠ᠃
   ᠠᠭᠤᠯᠠᠷᠬᠠᠭ ᠣᠷᠣᠨ ᠤ ᠤᠷᠤᠯᠳᠤᠭᠠᠨ ᠤ ᠬᠠᠷᠢᠭᠤᠴᠠᠯᠭᠠᠲᠠᠨ ᠯᠢᠦ ᠶᠠᠩ ᠲᠠᠨᠢᠯᠴᠠᠭᠤᠯᠪᠠ    ᠣᠳᠣᠬᠠᠨ ᠳᠤ ᠤᠷᠤᠯᠳᠤᠭᠠᠨ ᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠡᠪᠦᠯ ᠤᠨ ᠤᠯᠠᠷᠢᠯ ᠤᠨ ᠬᠤᠶᠠᠷ ᠵᠦᠢᠯ ᠪᠠ ᠬᠡᠭᠡᠷᠡᠯᠡᠨ ᠠᠶᠠᠯᠠᠬᠤ ᠲᠥᠷᠥᠯ ᠵᠦᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠵᠢᠱᠢᠯᠲᠡ ᠪᠠᠷ 11 ᠰᠠᠷ᠎ᠠ ᠶᠢᠨ ᠡᠬᠢ ᠪᠠᠷ ᠴᠠᠰᠤ  ᠤᠶᠢᠯᠡᠳᠬᠦ ᠪᠣᠯᠤᠨ᠎ᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2