ᠳᠠᠭ᠎ᠠ ᠶᠢᠨ ᠨᠠᠭᠤᠷ ᠪᠠᠯᠭᠠᠰᠤ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠣᠷ ᠴᠡᠭ ᠳᠤᠲᠠᠭᠳᠠᠵᠤ | ᠪᠠᠶᠢᠭ᠎ᠠ ᠪᠣᠳᠠᠲᠤ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠷᠢᠶ᠎ᠠ ᠰᠠᠭᠤᠭᠠᠯᠢ ᠠᠷᠠᠳ ᠲᠤ ᠳᠥᠭᠦᠮ ᠳᠥᠲᠡ᠂ | ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ | 11 ᠰᠠᠷ᠎ᠠ ᠶᠢᠨ 17 ᠤ ᠡᠳᠦᠷ᠂ ᠳᠠᠭ᠎ᠠ ᠶᠢᠨ ᠨᠠᠭᠤᠷ ᠪᠠᠯᠭᠠᠰᠤ ᠪᠣᠯᠤᠨ ᠯᠢᠶᠠᠩᠴᠧᠩ ᠰᠢᠶᠠᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠳᠠᠭ᠎ᠠ ᠶᠢᠨ ᠨᠠᠭᠤᠷ ᠤᠨ ︽ᠬᠥᠳᠡᠭᠡ ᠲᠣᠰᠬᠤᠨ ᠤ | ᠢᠲᠡᠭᠡᠮᠵᠢ ᠶᠢᠨ ᠥᠷᠲᠡᠭᠡ︾ ᠶᠢ ᠪᠦᠲᠦᠭᠡᠨ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | | | | | ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠶᠢᠨ | ᠳᠠᠭ᠎ᠠ ᠶᠢᠨ ᠨᠠᠭᠤᠷ ᠪᠠᠯᠭᠠᠰᠤᠨ ᠳᠤ ᠵᠠᠰᠠᠭ ᠤᠨ ᠶᠠᠪᠤᠳᠠᠯ᠂ ᠮᠥᠩᠭᠦᠨ ᠭᠦᠢᠯᠭᠡᠭᠡ ᠵᠡᠷᠭᠡ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ︽ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ︾ ᠶᠢ | ᠪᠠᠶᠢᠭᠤᠯᠬᠤ ᠲᠤᠬᠠᠶ ᠰᠠᠨᠠᠯ ᠢᠶᠠᠨ ᠰᠣᠯᠢᠯᠴᠠᠭᠰᠠᠨ ᠪᠥᠭᠡᠳ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ | ᠵᠢᠷᠤᠪᠠ᠃ | | | | | ᠳᠠᠭ᠎ᠠ ᠶᠢᠨ ᠨᠠᠭᠤᠷ ᠪᠠᠯᠭᠠᠰᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠦᠷᠳᠡᠭᠡ ᠶᠢᠨ ᠪᠦᠳᠦᠭᠡᠨ | ᠪᠠᠶᠢᠭᠤᠯᠤᠯᠲᠠ ᠨᠢ ᠳᠠᠭ᠎ᠠ ᠶᠢᠨ ᠨᠠᠭᠤᠷ ᠪᠠᠯᠭᠠᠰᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠤᠭᠤᠰᠣᠨ ᠢ | ᠨᠥᠬᠦᠪᠥᠷᠢᠯᠡᠵᠦ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠵᠠᠰᠠᠭ ᠤᠨ ᠶᠠᠪᠤᠳᠠᠯ᠂ ᠮᠥᠩᠭᠦᠨ ᠭᠦᠢᠯᠭᠡᠭᠡ᠂ | ᠡᠯᠧᠺᠲᠷᠤᠨ ᠬᠤᠳᠠᠯᠳᠤᠭ᠎ᠠ ᠵᠡᠷᠭᠡ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ | ᠰᠠᠭᠤᠭᠠᠯᠢ ᠠᠷᠠᠳ ᠤᠨ ᠵᠠᠰᠠᠭ ᠤᠨ ᠶᠠᠪᠤᠳᠠᠯ ᠪᠣᠯᠤᠨ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠢ ᠭᠦᠢᠴᠡᠳᠬᠡᠬᠦ ᠳᠤ ᠲᠦᠬᠦᠮ ᠦᠵᠡᠭᠦᠯᠬᠦ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |