ᠬᠠᠮ ᠵᠠᠭᠤᠴᠢᠯᠠᠭᠤᠷ ᠤᠨ ᠲᠥᠪ 24 ᠳ᠋ᠦ᠋ᠭᠡᠷ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/9
    ᠡᠨᠡ ᠵᠢᠯ ᠤᠨ 11 ᠰᠠᠷ᠎ᠠ ᠶᠢᠨ 8 ᠤ ᠡᠳᠦᠷ ᠪᠣᠯ ᠳᠤᠮᠳᠠᠳᠤ ᠤᠯᠤᠰ ᠤᠨ ᠬᠤᠷᠢᠨ ᠳᠥᠷᠪᠡᠳᠦᠭᠡᠷ ᠰᠣᠷᠪᠣᠯᠵᠢᠯᠠᠭᠴᠢᠳ ᠤᠨ ᠪᠠᠶᠠᠷ ᠤᠨ 11 ᠰᠠᠷ᠎ᠠ ᠶᠢᠨ 8 ᠤ ᠡᠳᠦᠷ᠂ ᠰᠢᠶᠠᠨ ᠤ ᠬᠠᠮ ᠵᠠᠭᠤᠴᠢᠯᠠᠭᠤᠷ ᠤᠨ ᠲᠥᠪ ᠠᠴᠠ ᠭᠤᠤᠯᠯᠠᠨ ᠡᠷᠭᠢᠯᠡᠵᠦ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠠᠬᠠᠮᠠᠳ ᠺᠠᠳ᠋ᠷᠴᠤᠳ ᠤᠨ  ᠤᠶᠢᠯᠡᠴᠢᠯᠡᠭᠡᠨ ᠤ ᠲᠥᠪ᠂ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠬᠤᠯᠪᠣᠭᠠᠲᠤ ᠬᠤᠷᠰᠢᠶ᠎ᠠ ᠪᠣᠯᠤᠨ ᠥᠪᠥᠷ ᠮᠣᠩᠭᠤᠯ ᠤᠨ ᠨᠠᠰᠢ ᠰᠲᠷᠤᠨᠲ ᠪᠤᠯᠠᠭ ᠤᠨ ᠤᠰᠤᠨ ᠤ  ᠤᠶᠢᠯᠡᠰ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽ᠳᠤᠮᠳᠠᠳᠤ ᠤᠯᠤᠰ ᠤᠨ ᠰᠣᠷᠪᠣᠯᠵᠢᠯᠠᠭᠴᠢᠳ ᠤᠨ ᠪᠠᠶᠠᠷ︾ ᠤᠨ ᠰᠢᠷᠢᠰ ᠪᠡᠯᠭᠡᠯᠡᠬᠦ ᠠᠵᠢᠯᠯᠠᠭ᠎ᠠ ᠠᠬᠠᠮᠠᠳ ᠺᠠᠳ᠋ᠷᠴᠤᠳ ᠤᠨ ᠤᠶᠢᠯᠡᠴᠢᠯᠡᠭᠡᠨ ᠤ ᠲᠥᠪ ᠲᠤ ᠶᠠᠪᠤᠭᠳᠠᠵᠤ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠨᠢᠭᠡ ᠲᠠᠩᠬᠢᠮ ᠳᠤ ᠴᠤᠭᠯᠠᠷᠠᠨ ᠰᠡᠳᠬᠢᠯ ᠤᠨ ᠦᠭᠡ ᠪᠠᠨ ᠠᠭᠤᠵᠢᠷᠠᠲᠠᠯ᠎ᠠ ᠶᠠᠷᠢᠯᠴᠠᠵᠤ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠶᠠᠷᠢᠯᠴᠠᠪᠠ᠃
      ᠪᠠᠶᠠᠷ ᠬᠦᠷ ᠲᠠᠢ ᠲᠣᠭᠯᠠᠭᠠᠮ ︽ᠴᠠᠭᠠᠰᠤᠨ ᠬᠤᠨᠳᠠᠭ᠎ᠠ︾ ᠶᠢᠨ ᠳᠤᠮᠳᠠ ᠬᠥᠰᠢᠭᠡ ᠪᠠᠨ ᠰᠡᠬᠦᠵᠦ᠂ ᠡᠩ ᠤᠨ ᠴᠠᠭ ᠲᠤ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭᠰᠠᠨ ᠰᠣᠨᠢᠨ ᠮᠡᠳᠡᠭᠡᠨ ᠤ ᠠᠵᠢᠯᠲᠠᠳ ᠭᠠᠷ ᠲᠠᠬᠢ ᠶᠠᠷᠢᠭᠤᠯ᠂ ᠭᠡᠷᠡᠯ ᠵᠢᠷᠤᠭ ᠤᠨ ᠮᠠᠰᠢᠨ᠂ ᠰᠡᠭᠦᠳᠡᠷᠯᠡᠬᠦ ᠮᠠᠰᠢᠨ ᠢᠶᠠᠨ ᠬᠠᠶᠠᠵᠤ᠂ ᠲᠠᠶᠢᠰᠠᠨ ᠳᠡᠭᠡᠷ᠎ᠡ ᠵᠠᠯᠭ᠎ᠠ ᠵᠠᠯᠭ᠎ᠠ ᠪᠠᠷ ᠭᠠᠷᠴᠤ᠂ ᠣᠨᠳᠣᠣ ᠶᠠᠩᠵᠤ ᠶᠢᠨ ᠴᠤᠭ ᠵᠢᠪᠬᠤᠭ᠎ᠠ ᠪᠠᠨ ᠭᠠᠶᠢᠬᠠᠭᠤᠯᠵᠤ᠂ ᠨᠠᠶᠢᠷᠠᠭᠤᠯᠤᠯ ᠤᠨ ᠤᠩᠰᠢᠯᠭ᠎ᠠ ︽ᠬᠠᠮᠤᠭ ᠤᠨ ᠭᠤᠶᠤ ᠰᠣᠨᠢᠨ ᠮᠡᠳᠡᠭᠡᠨ ᠤ ᠬᠥᠮᠦᠨ ᠪᠤᠯᠵᠤ ᠴᠠᠭ ᠦᠶ᠎ᠡ ᠶᠢᠨ ᠦᠯᠢᠭᠡᠷ ᠢ ᠰᠠᠶᠢᠬᠠᠨ ᠶᠠᠷᠢᠨ᠎ᠠ︾᠂ ᠳᠠᠭᠤᠤ ︽ᠰᠠᠯᠬᠢ ᠪᠣᠷᠣᠭᠠᠨ ᠳᠤ ᠰᠠᠭᠠᠳ ᠦᠭᠡᠢ ᠴᠢᠷᠮᠠᠶᠢᠨ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠰᠡᠳᠬᠢᠯ ᠵᠢᠷᠦᠬᠡ ᠶᠢ ᠪᠠᠶᠠᠰᠬᠠᠬᠤ ᠶᠢᠨ ᠬᠠᠮᠲᠤ ᠥᠭᠡᠳᠡᠯᠡᠨ ᠳᠠᠪᠰᠢᠬᠤ ᠬᠦᠴᠦᠨ ᠢᠶᠠᠷ ᠪᠢᠯᠬᠠᠨ᠎ᠠ᠃ ᠲᠩᠷᠢ ᠭᠠᠵᠠᠷ ᠡᠷᠭᠢᠯᠳᠦᠵᠦ᠂ ᠭᠤᠷᠪᠠᠭᠤᠯᠠ ᠪᠠᠨ ᠲᠡᠪᠡᠷᠢᠨ ᠪᠦᠯᠬᠦᠮᠳᠡᠵᠦ᠂ ᠵᠢᠭᠰᠠᠭᠠᠯ ᠤᠨ ᠭᠠᠵᠠᠷ ᠢ ᠡᠵᠡᠯᠡᠬᠦ ᠵᠡᠷᠭᠡ ᠲᠣᠭᠯᠠᠭᠠᠮ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂ ᠮᠠᠭᠲᠠᠨ ᠰᠠᠶᠢᠰᠢᠶᠠᠵᠤ᠂ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠨ᠎ᠠ᠃    ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠥᠲᠥᠯᠥᠭᠴᠢ ᠸᠧᠶ ᠢᠦᠶ ᠴᠢᠩ    ᠥᠨᠥᠳᠦᠷ ᠪᠣᠯ ᠬᠤᠷᠢᠨ ᠳᠥᠷᠪᠡᠳᠦᠭᠡᠷ ᠰᠤᠷᠪᠤᠯᠵᠢᠯᠠᠭᠴᠢ ᠶᠢᠨ ᠪᠠᠶᠠᠷ ᠤᠨ ᠡᠳᠦᠷ ᠮᠥᠨ᠂ ᠶᠠᠭᠤᠨ ᠤ ᠡᠮᠦᠨ᠎ᠡ ᠠᠳᠡ ᠮᠢᠨᠦ ᠠᠵᠢᠯ ᠨᠢᠭᠡᠲᠡᠳ ᠲᠤ ᠵᠦᠳᠡᠷᠡᠯ ᠢᠶᠠᠨ ᠬᠡᠯᠡᠶ᠎ᠡ᠂ ᠰᠣᠨᠢᠨ ᠮᠡᠳᠡᠭᠡᠨ ᠤ ᠠᠵᠢᠯ ᠬᠢᠭᠡᠳ ᠨᠢᠭᠡᠨᠲᠡ ᠠᠷᠪᠠᠨ ᠵᠢᠷᠭᠤᠭᠠᠨ ᠵᠢᠯ ᠪᠣᠯᠤᠯ᠎ᠠ᠂ ᠡᠨᠡ ᠠᠵᠢᠯ ᠨᠢ ᠨᠠᠮᠠᠶᠢ ᠠᠮᠢᠳᠤᠷᠠᠯ ᠤᠨ ᠦᠨᠡᠨ ᠳᠦᠷᠢ ᠳᠤ ᠬᠠᠨᠳᠤᠬᠤ ᠳᠠᠭᠠᠨ ᠠᠮᠢᠳᠤᠷᠠᠯ ᠢᠶᠠᠨ ᠨᠡᠩ ᠢᠯᠡᠭᠦᠦ ᠬᠠᠶᠢᠷᠠᠯᠠᠬᠤ ᠪᠣᠯᠭᠠᠪᠠ᠃ ᠰᠤᠷᠪᠤᠯᠵᠢᠯᠠᠭᠴᠢ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠬᠡ ᠤᠯᠤᠰ ᠲᠠᠢ ᠪᠠᠨ ᠰᠡᠳᠬᠢᠯ ᠢᠶᠠᠨ ᠨᠢᠭᠡᠳᠬᠡᠵᠦ᠂ ᠴᠠᠭ ᠦᠶ᠎ᠡ ᠲᠠᠢ ᠬᠠᠮᠲᠤᠪᠠᠷ ᠤᠷᠤᠭᠰᠢᠯᠠᠨ᠎ᠠ᠃ ᠬᠤᠶᠢᠰᠢᠳᠠ ᠶᠢᠨ ᠡᠳᠦᠷ ᠤᠳ ᠲᠤ᠂ ᠪᠢ ᠬᠠᠮᠲᠤ ᠠᠵᠢᠯᠯᠠᠭᠰᠠᠳ ᠲᠠᠢ ᠪᠠᠨ ᠤᠭ ᠰᠠᠨᠠᠭ᠎ᠠ ᠪᠠᠨ ᠦᠯᠦ ᠮᠠᠷᠲᠠᠵᠤ᠂ ᠴᠢᠷᠮᠠᠶᠢᠨ ᠠᠵᠢᠯᠯᠠᠵᠤ᠂ ᠬᠠᠮᠲᠤ ᠪᠠᠷ ᠲᠠᠷᠠᠭᠠᠴᠢ ᠶᠢᠨ ᠠᠭᠤᠯᠠ ᠬᠠᠶᠢᠷᠬᠠᠨ ᠳᠤ ᠮᠣᠷᠳᠠᠨ᠎ᠠ᠃    ᠡᠨᠡ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠰᠣᠨᠢᠨ ᠮᠡᠳᠡᠭᠡᠨ ᠤ ᠠᠵᠢᠯᠲᠠᠳ ᠶᠠᠭᠠᠷᠠᠯᠲᠠᠶ ᠠᠵᠢᠯᠯᠠᠬᠤ ᠶᠢᠨ ᠵᠠᠪ ᠴᠢᠯᠥᠭᠡ ᠪᠠᠷ ᠢᠶᠠᠨ ᠰᠤᠯᠠ ᠰᠡᠯᠡᠭᠦᠦ ᠪᠥᠭᠡᠳ ᠵᠤᠭ᠎ᠠ ᠴᠡᠩᠭᠡᠯ ᠲᠠᠢ ᠪᠣᠯᠵᠤ᠂ ᠰᠣᠨᠢᠨ ᠮᠡᠳᠡᠭᠡᠨ ᠤ ᠠᠵᠢᠯᠲᠠᠳ ᠤᠨ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃ ᠬᠤᠶᠢᠰᠢᠳᠠ ᠯᠢᠶᠠᠩᠴᠧᠩ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠦᠬᠦ ᠰᠣᠨᠢᠨ ᠮᠡᠳᠡᠭᠡᠨ ᠤ ᠠᠵᠢᠯᠲᠠᠳ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠯᠢᠶᠠᠩᠴᠧᠩ  ᠰᠢᠶᠠᠨ ᠤ ᠦᠯᠢᠭᠡᠷ ᠢ ᠰᠠᠶᠢᠲᠤᠷ ᠶᠠᠷᠢᠵᠤ᠂ ᠯᠢᠶᠠᠩᠴᠧᠩ ᠰᠢᠶᠠᠨ ᠤ ᠰᠠᠶᠢᠨ ᠳᠠᠭᠤᠨ ᠢ ᠳᠠᠮᠵᠢᠭᠤᠯᠵᠤ᠂ ᠨᠠᠮ ᠪᠣᠯᠤᠨ ᠠᠷᠠᠳ ᠲᠦᠮᠡᠨ ᠤ ᠢᠲᠡᠭᠡᠯᠲᠡᠢ ᠰᠣᠨᠢᠨ ᠮᠡᠳᠡᠭᠡᠨ ᠤ ᠬᠥᠮᠦᠨ ᠪᠤᠯᠵᠤ᠂ ᠨᠡᠩ ᠤᠯᠠᠨ ᠨᠡᠩ ᠰᠠᠶᠢᠨ ᠪᠦᠲᠦᠭᠡᠯ ᠢ ᠵᠣᠬᠢᠶᠠᠨ ᠪᠦᠲᠦᠭᠡᠵᠦ᠂ ᠯᠢᠶᠠᠩᠴᠧᠩ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠬᠦ ᠳᠤ ᠬᠠᠮ ᠵᠠᠭᠤᠴᠢᠯᠠᠭᠤᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    ᠲᠤᠬᠠᠶ ᠶᠢᠨ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠪᠠᠰᠠ ᠰᠣᠨᠢᠨ ᠮᠡᠳᠡᠭᠡᠨ ᠤ ᠠᠵᠢᠯᠲᠠᠳ ᠢ ᠲᠣᠬᠤᠨᠢᠭᠤᠯᠵᠠᠶ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2