ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽119︾ ᠶᠢᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/9
  11 ᠰᠠᠷ᠎ᠠ ᠶᠢᠨ 9 ᠤ ᠡᠳᠦᠷ ᠯᠢᠶᠠᠩᠴᠧᠩ ᠰᠢᠶᠠᠨ ᠤ ᠭᠠᠯ ᠤᠨᠲᠠᠷᠭᠠᠬᠤ ᠠᠪᠤᠷᠠᠨ ᠲᠤᠰᠠᠯᠠᠬᠤ ᠶᠡᠭᠡ ᠠᠩᠭᠢ ᠳᠠᠶᠢᠬ᠎ᠠ ᠲᠠᠯᠠᠪᠠᠶ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ ᠠᠮᠢ ᠨᠠᠰᠤ ᠶᠢ ᠳᠡᠭᠡᠳᠦᠯᠡᠬᠦ︾ ᠪᠠᠷ ᠭᠤᠣᠯ ᠰᠡᠳᠦᠪ ᠪᠣᠯᠭᠠᠭᠰᠠᠨ ︽119︾ ᠶᠢᠨ ᠭᠠᠯ ᠤᠨᠲᠠᠷᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
      ᠶᠣᠰᠣᠯᠠᠯ ᠢ ᠯᠢᠶᠠᠩᠴᠧᠩ ᠰᠢᠶᠠᠨ ᠤ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠡᠷᠭᠢᠯᠡᠭᠰᠡᠨ ᠪᠥᠭᠡᠳ ᠤᠬᠠᠭᠤᠯᠭ᠎ᠠ ᠶᠢᠨ ᠰᠠᠷ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠠᠶ᠃ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠠᠷᠢᠭᠤᠴᠠᠯᠭᠠᠲᠠᠨ ᠶᠠᠷᠢᠶᠠᠨ ᠳᠠᠭᠠᠨ᠂ ᠭᠠᠯ ᠤᠨᠲᠠᠷᠠᠭᠠᠬᠤ ᠠᠮᠤᠷ ᠲᠦᠪᠰᠢᠨ ᠨᠢ ᠠᠷᠠᠳ ᠲᠦᠮᠡᠨ ᠤ ᠪᠤᠶᠠᠨ ᠵᠢᠷᠭᠠᠯ ᠪᠣᠯᠤᠨ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠤᠴᠢᠷ ᠠᠴᠠ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ︔ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠠᠯ ᠤᠨᠲᠠᠷᠠᠭᠠᠬᠤ ᠤᠬᠠᠭᠤᠯᠭ᠎ᠠ ᠶᠢᠨ ︽ᠲᠠᠪᠤ ᠶᠢ ᠠᠬᠢᠭᠤᠯᠬᠤ︾ ᠠᠵᠢᠯ ᠢ ᠭᠦᠨᠵᠡᠭᠡᠶᠢᠷᠡᠭᠦᠯᠦᠨ᠂ ᠰᠡᠷᠡᠮᠵᠢᠯᠡᠭᠦᠯᠬᠦ ᠬᠥᠮᠦᠵᠢᠯ ᠢ ᠶᠡᠬᠡᠪᠡᠷ ᠥᠷᠨᠢᠭᠦᠯᠵᠦ᠂ ᠬᠥᠮᠦᠨ ᠪᠣᠯᠭᠠᠨ ᠭᠠᠯ ᠤᠨᠲᠠᠷᠠᠭᠠᠬᠤ ᠶᠢ ᠡᠷᠬᠢᠮᠯᠡᠬᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︔ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢ ᠲᠠᠶᠢᠴᠢᠯᠠᠨ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠤᠭᠤᠯᠵᠤ᠂ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠭᠤᠯᠵᠤ᠂ ᠭᠠᠯ ᠤᠨᠲᠠᠷᠠᠭᠠᠬᠤ ᠠᠵᠢᠯ ᠳᠤ ᠣᠷᠣᠯᠴᠠᠭᠤᠯᠵᠤ᠂ ᠥᠨᠳᠥᠷ ᠲᠦᠪᠰᠢᠨ ᠪᠦᠬᠦᠢ ᠭᠠᠯ ᠤᠨᠲᠠᠷᠠᠭᠠᠬᠤ ᠠᠮᠤᠷ ᠲᠦᠪᠰᠢᠨ ᠢᠶᠠᠷ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠬᠡᠷᠡᠭᠲᠡᠢ᠃    ᠬᠤᠷᠠᠯ ᠳᠡᠭᠡᠷ᠎ᠡ 2023 ᠣᠨ ᠤ ᠯᠢᠶᠠᠩᠴᠧᠩ ᠰᠢᠶᠠᠨ ᠤ ᠭᠠᠯ ᠤᠨᠲᠠᠷᠠᠭᠠᠬᠤ ᠤᠬᠠᠭᠤᠯᠭ᠎ᠠ ᠶᠢᠨ ᠲᠡᠷᠢᠭᠦᠨ ᠤ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃
       ᠶᠣᠰᠣᠯᠠᠯ ᠳᠠᠭᠤᠰᠤᠭᠰᠠᠨ ᠤ ᠳᠠᠷᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠲᠠᠳ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠲᠠᠷᠬᠠᠭᠠᠬᠤ ᠵᠢᠴᠢ ᠲᠤᠬᠠᠶ ᠶᠢᠨ ᠲᠠᠯᠠᠪᠤᠷ ᠤᠨ ᠭᠠᠯ ᠤᠨᠲᠠᠷᠠᠭᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠢᠶᠠᠷ ᠢᠶᠠᠨ ᠭᠠᠯ ᠤᠨᠲᠠᠷᠠᠭᠠᠬᠤ ᠠᠵᠢᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ 119 ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ᠂ ᠭᠠᠯ ᠤᠨᠲᠠᠷᠠᠭᠠᠬᠤ ᠲᠠᠷᠬᠠᠭᠠᠨ ᠠᠮᠢ ᠵᠢᠭᠤᠲᠠᠬᠤ ᠰᠣᠷᠢᠯᠲᠠ ᠶᠢ ᠥᠷᠭᠡᠨ ᠢᠶᠠᠷ ᠥᠷᠨᠢᠭᠦᠯᠵᠦ᠂ ᠳᠡᠷᠭᠡᠳᠡᠬᠢ ᠭᠠᠯ ᠤᠨ ᠭᠠᠮᠰᠢᠭ ᠤᠨ ᠳᠠᠯᠳᠠ ᠬᠡᠮ ᠢ ᠡᠷᠢᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠶᠢ ᠠᠩᠬᠠᠷᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠬᠤ ᠪᠣᠯᠭᠠᠨ᠎ᠠ᠃                                              ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2