ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠪᠦᠲᠦᠭᠡᠨ | ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠳᠦᠷᠢᠮ | ︵2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ | ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠥᠲᠥᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠥᠬᠦᠶ ᠬᠠᠤᠯᠢ | ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠠᠵᠢᠯ ᠬᠢᠭᠡᠳ ᠬᠠᠮᠢᠶ᠎ᠠ ᠪᠦᠬᠦᠢ ᠠᠵᠢᠯᠯᠠᠭ᠎ᠠ ᠳᠤ ᠲᠤᠰ ᠲᠦᠷᠢᠮ | ᠲᠣᠬᠢᠷᠠᠨ᠎ᠠ᠃ | ᠭᠤᠷᠪᠠᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ | ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ | ᠳᠥᠷᠪᠡᠳᠦᠭᠡᠷ ᠵᠤᠶᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠳᠤ᠂ ᠨᠠᠮ ᠤᠨ ᠠᠴᠢ ᠶᠢ ᠮᠡᠳᠡᠷᠡᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ | ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠲᠡᠶᠢᠰᠢ | ᠤᠷᠤᠭᠰᠢᠯᠠᠬᠤ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ | ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠨᠡᠪᠲᠡᠷᠡᠭᠦᠯᠬᠦ᠂ ᠰᠢᠨ᠎ᠡ ᠰᠤᠷᠲᠠᠯ ᠲᠥᠪ | ᠰᠤᠷᠲᠠᠯ ᠢ ᠪᠠᠳᠠᠷᠠᠭᠤᠯᠬᠤ ᠵᠡᠷᠭᠡ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠶ᠃ | ᠲᠠᠪᠤᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ | ᠨᠢᠭᠡᠳᠦᠯ ᠪᠣᠯᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠠᠪᠤᠳᠠᠯ ᠢ ᠦᠨᠳᠦᠰᠦᠲᠡᠨ ᠨᠦᠭᠦᠳ ᠤᠨ | ᠬᠠᠮᠤᠭ ᠤᠨ ᠳᠡᠭᠡᠳᠦ ᠠᠰᠢᠭ ᠲᠤᠰᠠ ᠪᠣᠯᠭᠠᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ | ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠤᠢᠭᠡᠢ ᠪᠠᠬᠢᠵᠢᠭᠦᠯᠦᠨ | ᠬᠥᠭᠵᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ | ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠲᠣᠭᠤᠷᠢᠨ ᠳᠤ ᠡᠨᠡ ᠬᠦ ᠭᠤᠣᠯ | ᠰᠢᠵᠢᠮ ᠢ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠬᠥᠭᠵᠢᠯᠲᠡ ᠬᠢᠭᠡᠳ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠤᠯᠤᠰ ᠤᠨ | ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ | ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ | ᠦᠵᠡᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠪᠣᠯ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠠᠷᠢᠭᠤᠴᠠᠯᠭ᠎ᠠ ᠪᠠ ᠢᠷᠠᠭᠤ | ᠠᠯᠳᠠᠷᠲᠤ ᠡᠭᠦᠷᠭᠡ ᠪᠣᠯᠤᠨ᠎ᠠ᠃ | ᠲᠥᠷᠥ ᠶᠢᠨ ᠪᠠᠶᠢᠭᠤᠯᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ | ᠵᠠᠰᠠᠬᠤ ᠵᠣᠬᠢᠶᠠᠨ ᠪᠠᠶᠢᠭᠤᠯᠤᠯᠲᠠ ᠨᠤᠭᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ | ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠬᠠᠤᠯᠢ ᠶᠣᠰᠣᠭᠠᠷ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ | ᠶᠢᠰᠦᠳᠦᠭᠡᠷ ᠵᠦᠢᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠨᠠᠮ ᠤᠨ ᠬᠤᠷᠢᠶ᠎ᠠ ᠪᠦᠬᠦ ᠲᠠᠯ᠎ᠠ ᠪᠠᠷ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ | ᠬᠠᠮᠵᠢᠯᠴᠠᠬᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠣᠷᠣᠯᠴᠠᠬᠤ ᠠᠵᠢᠯ ᠤᠨ ᠪᠠᠶᠢᠷᠢᠰᠢᠯ ᠢ | ᠪᠠᠷᠢᠮᠲᠠᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠶᠢᠭᠤᠯᠤᠮᠵᠢ ᠶᠢ | ᠲᠣᠳᠣᠷᠬᠠᠶᠢᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ᠂ ᠰᠢᠮᠳᠠᠭᠤᠯᠤᠨ | ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ | ᠬᠤᠶᠠᠳᠣᠭᠠᠷ ᠪᠦᠯᠦᠭ ᠠᠵᠤ ᠠᠬᠤᠢ ᠶᠢᠨ ᠪᠦᠳᠦᠭᠡᠨ ᠪᠠᠶᠢᠭᠤᠯᠣᠯᠳᠠ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠠᠭᠤᠰᠤᠯᠴᠠᠬᠤ ᠪᠠ | ᠦᠢᠯᠡᠴᠢᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ | ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ | ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠲᠡᠮᠦᠷᠯᠢᠭ ᠬᠠᠶᠢᠯᠤᠭᠤᠯᠬᠤ | ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠣᠳᠠᠰ ᠤᠨ ᠡᠮ | ᠡᠮᠨᠡᠯᠭᠡ᠂ ᠳᠡᠭᠡᠳᠦ ᠦᠵᠦᠭᠦᠷ ᠤᠨ ᠲᠣᠨᠤᠭ ᠲᠥᠬᠦᠭᠡᠷᠦᠮᠵᠢ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠭᠰᠠᠨ ᠪᠦᠯᠦᠭᠵᠢᠯ ᠤᠨ | ᠬᠥᠭᠵᠢᠯᠲᠡ ᠶᠢ ᠠᠬᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ | ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠭᠦᠨ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ | ᠪᠠᠶᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠲᠦᠯᠬᠢᠨ | ᠠᠬᠢᠭᠤᠯᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ | ᠭᠠᠵᠠᠷ ᠪᠣᠯᠤᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠮᠠᠶ᠋ᠢᠭ ᠤᠨ ᠴᠠᠬᠢᠯᠭᠠᠨ | ᠬᠦᠴᠦᠨ ᠤ ᠰᠢᠰᠲ᠋ᠧᠮ ᠢ ᠪᠦᠲᠦᠭᠡᠨ ᠪᠠᠶᠢᠭᠤᠯᠵᠤ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠠᠮᠤᠷ | ᠲᠦᠪᠰᠢᠨ ᠥᠨᠳᠥᠷ ᠦᠷ᠎ᠡ ᠪᠦᠲᠦᠮᠵᠢᠲᠡᠶ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠢᠰᠲ᠋ᠧᠮᠵᠢ ᠶᠢ | ᠴᠣᠭᠴᠠᠯᠠᠨ ᠪᠠᠶᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠯᠲᠡ ᠬᠢᠬᠦ᠂ ᠴᠢᠨᠠᠷ ᠰᠠᠶᠢᠲᠠᠶ | ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠤᠪᠣᠷ ᠰᠢᠷᠣᠶ ᠶᠢ ᠠᠰᠢᠭᠯᠠᠬᠤ ᠰᠢᠨᠵᠢᠯᠡᠬᠦ | ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠂ ︽ᠬᠤᠪᠣᠷ ᠰᠢᠷᠣᠶ︾ ᠶᠢᠨ | ᠬᠠᠮᠵᠢᠯᠴᠠᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠪᠦᠬᠦ ᠤᠯᠤᠰ ᠤᠨ ᠬᠠᠮᠤᠭ ᠤᠨ ᠲᠣᠮᠣ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠭᠰᠡᠨ ᠬᠤᠪᠣᠷ | ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ | ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠡᠷᠡᠭᠵᠢᠭᠦᠯᠦᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ | ᠬᠥᠭᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠰᠠᠶᠢᠲᠤᠷ ᠬᠢᠵᠦ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ | ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ | ᠴᠢᠩᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠲᠣᠭᠲᠠᠯᠴᠠᠭ᠎ᠠ ᠪᠠᠷ ᠴᠢᠩᠭ᠎ᠠ᠂ ᠪᠣᠬᠢᠷᠲᠤᠯ ᠥᠬᠡᠶ | ᠬᠥᠭᠵᠢᠯᠲᠡ ᠶᠢᠨ ᠬᠢᠷᠢ ᠲᠦᠪᠰᠢᠨ ᠢᠶᠠᠷ ᠴᠢᠩᠭ᠎ᠠ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠣᠷᠣᠨ ᠢ | ᠲᠦᠷᠭᠡᠳᠬᠡᠨ ᠪᠠᠶᠢᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ | ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠪᠠ ᠵᠡᠭᠦᠨ ᠭᠤᠷᠪᠠᠨ ᠮᠤᠵᠢ ᠯᠤᠭ᠎ᠠ ᠬᠤᠯᠪᠣᠭᠠᠯᠠᠨ ᠨᠡᠪᠲᠡᠷᠡᠭᠦᠯᠬᠦ ᠪᠠᠨ ᠴᠢᠩᠭᠠᠳᠬᠠᠵᠤ᠂ | ᠧᠦ᠋ᠷᠣᠫᠠ ᠲᠢᠪ᠂ ᠵᠡᠭᠦᠨ ᠬᠤᠶᠢᠲᠤ ᠠᠽᠢᠶ᠎ᠠ᠂ ᠳᠤᠮᠳᠠᠳᠤ ᠪᠠᠷᠠᠭᠤᠨ ᠠᠽᠢᠶ᠎ᠠ ᠵᠡᠷᠭᠡ ᠤᠯᠤᠰ ᠤᠨ ᠭᠠᠳᠠᠭᠠᠳᠤ ᠶᠢᠨ | ᠵᠠᠬ᠎ᠠ ᠳᠡᠯᠭᠡᠭᠦᠷ ᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠰᠠᠶᠢᠨ | ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ | ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠪᠠ ᠠᠬᠢᠭᠤᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ | ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ | ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ | ᠲᠣᠰᠬᠤᠨ ᠢ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ | ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠵᠣᠯ ᠵᠢᠷᠭᠠᠯᠲᠤ ᠭᠡᠷ | ᠣᠷᠣᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠥᠬᠦ ᠲᠠᠯ᠎ᠠ ᠪᠠᠷ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ | ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠡᠯ᠎ᠡ ᠵᠦᠢᠯ ᠤᠨ | ᠥᠮᠴᠢᠯᠡᠯ ᠤᠨ ᠠᠵᠤ ᠠᠬᠤᠢ ᠳᠤ ᠬᠠᠤᠯᠢ ᠶᠣᠰᠣᠭᠠᠷ ᠦᠢᠯᠡᠳᠪᠦᠷᠢᠯᠡᠯ ᠤᠨ ᠬᠦᠴᠦᠨ ᠵᠦᠢᠯ ᠢ ᠡᠷᠬᠡ ᠲᠡᠭᠰᠢ ᠪᠠᠷ | ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠠᠳᠠᠯᠢ ᠲᠡᠭᠰᠢ ᠪᠠᠷ | ᠬᠠᠤᠯᠢ ᠴᠠᠭᠠᠵᠠ ᠶᠢᠨ ᠬᠠᠮᠠᠭᠠᠯᠠᠯᠲᠠ ᠶᠢ ᠬᠦᠷᠲᠡᠭᠡᠨ᠎ᠡ᠃ | ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠶᠤᠯ ᠦᠭᠡᠶ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠷᠠᠭᠤᠯᠤᠨ᠂ ᠠᠶᠤᠯ ᠦᠭᠡᠶ ᠶᠢ ᠲᠡᠷᠢᠭᠦᠨ ᠳᠤ ᠪᠠᠶᠢᠯᠭᠠᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ | ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠂ ᠠᠶᠤᠯ ᠦᠭᠡᠶ ᠦᠢᠯᠡᠳᠪᠦᠷᠢᠯᠡᠯ ᠤᠨ ᠳᠦᠷᠢᠮ ᠲᠣᠭᠲᠠᠭᠠᠯ ᠢ | ᠪᠠᠶᠢᠭᠤᠯᠤᠨ ᠪᠦᠷᠢᠨᠰᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠠᠶᠤᠯ ᠦᠭᠡᠶ ᠦᠢᠯᠡᠳᠪᠦᠷᠢᠯᠡᠯ ᠤᠨ ᠣᠷᠣᠭᠤᠯᠤᠯᠲᠠ ᠶᠢ ᠪᠠᠲᠤᠯᠠᠵᠤ᠂ ᠦᠢᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠢ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ | ᠭᠤᠷᠪᠠᠳᠤᠭᠠᠷ ᠪᠦᠯᠦᠭ ᠤᠯᠤᠰ ᠲᠥᠷᠥ ᠶᠢᠨ ᠪᠠᠶᠢᠭᠤᠯᠤᠯᠲᠠ | ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ | ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ | ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠤ᠂ ᠠᠷᠠᠳ ᠲᠦᠮᠡᠨ ᠤ ᠭᠤᠤᠯ ᠴᠣᠭᠴᠠ ᠪᠣᠯᠬᠤ ᠪᠠᠶᠢᠷᠢ | ᠰᠠᠭᠤᠷᠢ ᠶᠢ ᠪᠠᠷᠢᠮᠲᠠᠯᠠᠨ᠂ ᠠᠷᠠᠳ ᠲᠦᠮᠡᠨ ᠤ ᠵᠣᠷᠢᠭ ᠰᠠᠨᠠᠭ᠎ᠠ ᠶᠢ ᠭᠦᠢᠴᠡᠳ ᠬᠠᠷᠠᠭᠤᠯᠵᠤ᠂ ᠠᠷᠠᠳ ᠲᠦᠮᠡᠨ ᠤ | ᠡᠷᠬᠡ ᠠᠰᠢᠭ ᠢ ᠪᠠᠲᠤᠯᠠᠨ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠶ᠃ | ᠬᠤᠷᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠨᠢ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠵᠦ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠳᠤ | ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠶᠢ ᠪᠣᠳᠣᠯᠬᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠬᠤ᠂ ᠲᠤᠰᠬᠠᠶ ᠰᠡᠳᠦᠪᠲᠦ ᠯᠠᠪᠯᠠᠨ ᠠᠰᠠᠭᠤᠬᠤ ᠪᠠ ᠠᠵᠢᠯ ᠤᠨ ᠦᠨᠡᠯᠡᠯᠲᠡ | ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠠᠷᠠᠳ ᠣᠯᠠᠨ ᠤ | ᠰᠠᠨᠠᠯ ᠪᠣᠯᠤᠨ ᠱᠠᠭᠠᠷᠳᠠᠯᠭ᠎ᠠ ᠶᠢ ᠰᠣᠨᠣᠰᠴᠤ ᠲᠤᠰᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠲᠦᠭᠡᠨ ᠪᠠᠢᠭᠤᠯᠬᠤ ᠶᠢ ᠲᠦᠯᠬᠢᠨ ᠠᠬᠢᠭᠤᠯᠬᠤ ᠰᠠᠨᠠᠯ ᠰᠠᠨᠠᠭᠤᠯᠭ᠎ᠠ ᠢᠳᠡᠪᠬᠢᠲᠡᠢ ᠳᠤᠷᠠᠳᠴᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠯᠢᠭᠡᠷ ᠳᠠᠭᠤᠷᠢᠶᠠᠯ ᠪᠣᠯᠬᠤ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ | ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠢ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠬᠤᠯᠪᠣᠭᠳᠠᠯ ᠪᠦᠬᠦᠢ ᠰᠢᠢᠳᠪᠤᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠪᠦᠬᠦ ᠲᠠᠯ᠎ᠠ ᠶᠢᠨ | ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠢᠶᠠᠨ ᠬᠠᠤᠯᠢ ᠶᠣᠰᠣᠭᠠᠷ ᠮᠡᠳᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠦᠬᠦ ᠶᠠᠪᠤᠴᠠ ᠳᠤᠨᠢ ᠠᠷᠠᠳ ᠤᠨ ᠠᠷᠠᠳᠴᠢᠯᠠᠯ ᠢ | ᠬᠥᠭᠵᠢᠭᠦᠯᠦᠨ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠥᠷᠥ ᠳᠤ ᠣᠷᠣᠯᠴᠠᠬᠤ ᠶᠢ ᠥᠷᠭᠡᠳᠬᠡᠵᠦ᠂ | ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠬᠢᠬᠦ᠂ ᠠᠷᠠᠳᠴᠢᠯᠠᠯ ᠢᠶᠠᠷ ᠵᠥᠪᠯᠡᠬᠦ᠂ ᠠᠷᠠᠳᠴᠢᠯᠠᠯ ᠢᠶᠠᠷ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠠᠶᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠪᠠᠳᠠᠷᠠᠭᠤᠯᠤᠨ᠂ ᠠᠮᠢᠳᠤ | ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ | ᠃ | ᠬᠤᠷᠢᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ᠨᠢ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮᠵᠢ ᠪᠠ ᠠᠵᠢᠯ ᠤᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠣᠯᠠᠨ ᠲᠦᠮᠡᠨ ᠤ | ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ | ᠪᠡᠶ᠎ᠡ ᠳᠡᠭᠡᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠠᠵᠢᠯ ᠶᠠᠪᠤᠳᠠᠯ ᠢ ᠢᠯᠡ ᠪᠣᠯᠭᠠᠬᠤ | ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠯ᠎ᠡ ᠲᠥᠷᠥᠯ ᠤᠨ ᠬᠠᠮᠲᠤᠯᠢᠭ ᠤᠨ ᠦᠨᠳᠦᠰᠦᠨ | ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠦᠨᠳᠦᠰᠦᠨ | ᠱᠠᠲᠤᠨ ᠤ ᠣᠯᠠᠨ ᠲᠦᠮᠡᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠵᠢᠯ ᠳᠤ ᠬᠠᠮᠲᠤᠪᠠᠷ ᠣᠷᠣᠯᠴᠠᠬᠤ ᠶᠢ ᠪᠠᠲᠤᠯᠠᠬᠤ ᠬᠡᠷᠡᠭᠲᠡᠶ᠃ ︵ ᠦᠷᠬᠦᠯᠵᠢᠯᠡᠯ ᠪᠤᠢ︶ |