ᠮᠠᠶᠢᠬᠠᠨᠳᠤ ᠪᠠᠯᠭᠠᠰᠤ᠄ ᠢᠳᠡᠰᠢᠨ ᠨᠣᠭᠤᠭ᠎ᠠ ᠶᠢᠨ ᠬᠦᠯᠡᠮᠵᠢ  ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/12/13
 ᠡᠪᠦᠯ ᠤᠨ ᠠᠭᠤᠷ ᠤᠷᠤᠭᠰᠠᠨ ᠤ ᠳᠠᠷᠠᠭ᠎ᠠ᠂ ᠬᠡᠷ ᠤᠨ ᠭᠠᠳᠠᠨᠠᠬᠢ ᠠᠭᠠᠷ ᠤᠨ ᠳᠤᠯᠠᠭᠠᠨ ᠪᠠᠭ᠎ᠠ ᠪᠤᠰᠤ ᠪᠠᠭᠤᠷᠠᠪᠠ᠂ ᠭᠡᠪᠡᠴᠦ ᠮᠠᠶᠢᠬᠠᠨᠳᠤ ᠪᠠᠯᠭᠠᠰᠤᠨ ᠤ ᠹᠧᠩ ᠵᠢᠶᠠ ᠲᠣᠰᠬᠤᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠬᠠᠷᠢᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠮ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠠᠷᠢᠮᠠᠯ ᠤᠨ ᠡᠷᠦᠬᠡ ᠶᠠᠭ ᠡᠨᠡ ᠡᠪᠦᠯ ᠤᠨ ᠠᠩᠬᠠᠳᠠᠭᠴᠢ ᠨᠣᠭᠤᠭᠠᠨ ᠨᠠᠪᠴᠢᠲᠤ ᠢᠳᠡᠰᠢᠨ ᠨᠣᠭᠤᠭ᠎ᠠ ᠶᠢ ᠲᠡᠭᠦᠵᠦ ᠬᠤᠷᠢᠶᠠᠭᠠᠳ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠨᠢᠭᠤᠷ ᠲᠤ ᠪᠢᠯᠬᠠᠵᠤ ᠪᠠᠶᠢᠯ᠎ᠠ᠃  
     ᠹᠧᠩ ᠵᠢᠶᠠ ᠲᠣᠰᠬᠤᠨ ᠤ ᠲᠠᠷᠢᠮᠠᠯ ᠤᠨ ᠡᠷᠦᠬᠡ ᠶᠠᠩ ᠵᠤᠸᠠᠨ ᠰᠢᠶᠠᠨ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠲᠤ᠂ ᠮᠥᠷ ᠮᠥᠷ ᠲᠡᠷᠢ ᠲᠡᠭᠰᠢ ᠲᠥᠯᠥᠪᠵᠢᠭᠦᠯᠦᠨ᠂ ᠬᠦᠯᠡᠮᠵᠢ ᠲᠠᠢ ᠪᠠᠶᠢᠵᠤ᠂ ᠣᠯᠠᠨ ᠵᠦᠢᠯ ᠤᠨ ᠢᠳᠡᠰᠢᠨ ᠨᠣᠭᠤᠭ᠎ᠠ ᠶᠢᠨ ᠠᠩᠬᠢᠯᠤᠮ᠎ᠠ ᠦᠨᠦᠷ ᠬᠠᠩᠬᠤᠯᠤᠨ ᠢᠷᠡᠵᠦ᠂ ᠴᠤᠭᠤᠷ ᠨᠣᠭᠤᠭ᠎ᠠ᠂ ᠪᠥᠭᠡᠷᠡᠩᠬᠡᠶ ᠴᠠᠭᠠᠨ ᠨᠣᠭᠤᠭ᠎ᠠ ᠵᠡᠷᠭᠡ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠥᠷᠨᠢᠭᠦᠨ ᠪᠠᠶᠢᠵᠤ᠂ ᠬᠤᠳᠠᠯᠳᠤᠨ ᠠᠪᠬᠤ ᠪᠠᠷ ᠢᠷᠡᠭᠰᠡᠨ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠶᠠᠩ ᠵᠤᠸᠠᠨ ᠰᠢᠶᠠᠨ ᠬᠥᠭᠰᠢᠨ ᠲᠠᠢ ᠪᠠᠨ ᠲᠠᠰᠤᠷᠠᠯ ᠦᠭᠡᠢ ᠴᠤᠪᠤᠷᠠᠵᠤ᠂ ᠮᠠᠰᠢ ᠶᠠᠭᠠᠷᠠᠵᠤ᠂ ᠮᠠᠰᠢ ᠶᠠᠭᠠᠷᠠᠤ ᠪᠠᠶᠢᠪᠠ᠃ ᠣᠳᠣ ᠣᠭᠲᠣᠯᠵᠤ ᠪᠠᠶᠢᠭ᠎ᠠ ᠰᠢᠨ᠎ᠡ ᠰᠣᠷᠭᠤᠭ ᠴᠢᠨᠠᠷ ᠰᠠᠶᠢᠲᠠᠶ ᠴᠤᠭᠤᠷ ᠨᠣᠭᠤᠭ᠎ᠠ ᠨᠢ ᠣᠶᠢᠷ᠎ᠠ ᠬᠠᠪᠢ ᠶᠢᠨ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠬᠤᠳᠠᠯᠳᠤᠨ ᠠᠪᠴᠤ᠂ ᠬᠠᠷᠢᠯᠴᠠᠨ ᠬᠤᠳᠠᠯᠳᠤᠨ ᠠᠪᠬᠤ ᠪᠠᠷ ᠴᠢᠷᠮᠠᠶᠢᠨ᠎ᠠ᠃
      ᠡᠨᠡ ᠵᠢᠯ᠂ ᠶᠠᠩ ᠵᠤᠸᠠᠨ ᠰᠢᠶᠠᠨ 11 ᠰᠤᠯᠠ ᠪᠠᠶᠢᠬᠤ ᠬᠦᠯᠡᠮᠵᠢ ᠳᠠᠭᠠᠭᠠᠴᠢᠯᠠᠵᠤ᠂ ᠥᠭᠡᠷᠡᠴᠢᠯᠡᠨ ᠲᠡᠰ ᠳᠡᠪᠰᠢᠭᠦᠯᠦᠭᠰᠡᠨ ᠤ ᠲᠠᠷᠠᠭ᠎ᠠ᠂ ᠴᠤᠭᠤᠷ ᠨᠣᠭᠤᠭ᠎ᠠ᠂ ᠪᠥᠭᠡᠷᠡᠩᠬᠡᠶ ᠴᠠᠭᠠᠨ ᠨᠣᠭᠤᠭ᠎ᠠ ᠵᠡᠷᠭᠡ ᠢᠳᠡᠰᠢᠨ ᠨᠣᠭᠤᠭ᠎ᠠ ᠲᠠᠷᠢᠵᠤ᠂ ᠪᠤᠶᠢᠵᠢᠭᠤᠯᠬᠤ᠂ ᠪᠤᠷᠳᠤᠭᠤᠷ ᠣᠷᠣᠭᠤᠯᠬᠤ᠂ ᠲᠣᠭᠤᠰᠣ ᠬᠦᠷᠲᠡᠭᠡᠬᠦ ᠁ ᠬᠡᠰᠡᠭ ᠬᠤᠭᠤᠴᠠᠭ᠎ᠠ ᠪᠦᠷᠢ ᠲᠡᠷᠡ ᠣᠨᠴᠠᠭᠠᠢ ᠰᠡᠳᠬᠢᠯ ᠲᠠᠯᠪᠢᠳᠠᠭ᠃ ᠲᠡᠭᠦᠨ ᠤ ᠨᠠᠷᠢᠨ ᠨᠢᠮᠪᠠᠶ ᠬᠠᠷᠠᠭᠠᠯᠵᠠᠯ ᠳᠣᠣᠷ᠎ᠠ ᠡᠯ᠎ᠡ ᠲᠥᠷᠥᠯ ᠤᠨ ᠢᠳᠡᠰᠢᠨ ᠨᠣᠭᠤᠭ᠎ᠠ ᠶᠢᠨ ᠤᠷᠭᠤᠴᠠ ᠨᠢ ᠬᠥᠮᠦᠨ ᠢ ᠪᠠᠶᠠᠰᠬᠠᠵᠤ᠂ ᠣᠳᠣᠬᠠᠨ ᠳᠤ ᠨᠢᠭᠡᠨᠲᠡ ᠦᠨᠳᠦᠰᠦᠨ ᠳᠡᠭᠡᠨ ᠪᠣᠯᠪᠠᠰᠤᠷᠠᠩᠭᠤᠶ ᠪᠣᠯᠪᠠ᠃
   ᠲᠠᠷᠢᠮᠠᠯ ᠤᠨ ᠡᠷᠦᠬᠡ ᠶᠠᠩ ᠵᠤᠸᠠᠨ ᠰᠢᠶᠠᠨ    ᠡᠨᠡ ᠵᠢᠯ ᠪᠢ ᠨᠢᠭᠡᠳᠦᠭᠡᠷ ᠵᠢᠯ ᠳᠤ ᠲᠣᠮᠣ ᠫᠧᠩ ᠲᠠᠷᠢᠵᠤ᠂ ᠵᠢᠭᠠᠬᠠᠨ ᠨᠣᠭᠤᠭ᠎ᠠ ᠲᠠᠷᠢᠬᠤ ᠨᠢ ᠪᠦᠷ ᠲᠠᠷᠢᠶᠠᠴᠢᠨ  ᠠᠶᠢᠯ ᠤᠨ ᠪᠣᠷᠳᠣᠭᠤᠷ ᠣᠷᠣᠭᠤᠯᠵᠤ ᠭᠠᠷᠭᠠᠭᠰᠠᠨ ᠶᠤᠮ᠂ ᠡᠨᠡ ᠬᠦ ᠴᠢᠭᠯᠡᠯ ᠤᠨ ᠴᠤᠭᠤᠷ ᠨᠣᠭᠤᠭ᠎ᠠ ᠶᠢᠨ ᠭᠠᠷᠤᠯᠲᠠ ᠨᠢ ᠨᠡᠯᠢᠶᠡᠳ ᠥᠨᠳᠥᠷ᠂ ᠨᠢᠭᠡ ᠮᠦ ᠨᠢ ᠨᠠᠢᠮᠠᠨ ᠮᠢᠩᠭᠠᠨ ᠵᠢᠩ ᠪᠠᠭᠤᠵᠤ ᠴᠢᠳᠠᠨ᠎ᠠ᠂ ᠡᠨᠡ ᠬᠤᠶᠠᠷ ᠡᠳᠦᠷ ᠪᠦᠷ ᠵᠠᠬ᠎ᠠ ᠳᠡᠯᠭᠡᠭᠦᠷ ᠲᠤ ᠭᠠᠷᠴᠠᠢ᠂ ᠨᠢᠭᠡ ᠨᠢ ᠪᠠᠰᠠ  ᠮᠠᠰᠢ ᠵᠥᠭᠡᠯᠡᠨ᠂ ᠮᠠᠰᠢ ᠬᠥᠮᠦᠨ ᠤ ᠬᠦᠷᠢᠶᠡᠯᠡᠯ ᠢ ᠣᠯᠵᠠᠢ᠂ ᠡᠨᠡ ᠬᠤᠶᠠᠷ ᠡᠳᠦᠷ ᠦᠷᠭᠦᠯᠵᠢᠯᠡᠨ ᠬᠤᠳᠠᠯᠳᠤᠨ ᠠᠪᠤᠭᠰᠠᠨ ᠬᠥᠮᠦᠨ ᠴᠦ ᠨᠡᠯᠢᠶᠡᠳ ᠠᠷᠪᠢᠨ᠃    ᠣᠶᠢᠯᠠᠭᠠᠭᠰᠠᠨ ᠢᠶᠠᠷ᠂ ᠶᠠᠩ ᠵᠤᠸᠠᠨ ᠰᠢᠶᠠᠨ ᠤ ᠳᠠᠭᠠᠭᠠᠴᠢᠯᠠᠭᠰᠠᠨ 11 ᠬᠦᠯᠡᠮᠵᠢ ᠳᠤ ᠨᠡᠶᠢᠲᠡ 10 ᠮᠥ ᠭᠠᠵᠠᠷ ᠡᠵᠡᠯᠡᠵᠦ ᠪᠤᠢ᠂ ᠡᠭᠦᠨ ᠳᠤ 6 ᠴᠤᠭᠤᠷ ᠨᠣᠭᠤᠭ᠎ᠠ ᠳᠠᠷᠢᠵᠤ᠂ 5 ᠴᠠᠭᠠᠨ ᠨᠣᠭᠤᠭ᠎ᠠ ᠪᠠ ᠬᠥᠬᠡ ᠯᠤᠤᠪᠠᠩ ᠳᠠᠷᠢᠵᠤ᠂ ᠴᠤᠭᠤᠷ ᠨᠣᠭᠤᠭ᠎ᠠ ᠶᠢᠨ ᠮᠦ ᠪᠦᠷᠢ ᠶᠢᠨ ᠤᠨᠠᠯᠲᠠ 8000 ᠵᠢᠩ ᠣᠷᠴᠢᠮ ᠳᠤ ᠬᠦᠷᠴᠦ᠂ ᠵᠢᠩ ᠪᠦᠷᠢ ᠶᠢᠨ ᠦᠨ᠎ᠡ ᠨᠢ 5 ᠵᠢᠶᠣᠣ ᠪᠠᠶᠢᠵᠤ᠂ ᠴᠠᠭᠠᠨ ᠨᠣᠭᠤᠭ᠎ᠠ ᠪᠠ ᠬᠥᠬᠡ ᠯᠤᠤᠪᠠᠩ ᠤᠨ ᠮᠦ ᠪᠦᠷᠢ ᠶᠢᠨ ᠭᠠᠷᠤᠯᠲᠠ ᠨᠢ 20000 ᠵᠢᠩ ᠳᠤ ᠬᠦᠷᠴᠦ᠂ ᠵᠢᠩ ᠪᠦᠷᠢ ᠶᠢᠨ ᠦᠨ᠎ᠡ ᠨᠢ ᠳᠤᠮᠳᠠᠴᠢ ᠪᠠᠷ 4  ᠮᠦᠩᠬᠦ ᠪᠠᠶᠢᠵᠤ᠂ ᠬᠦᠯᠡᠮᠵᠢ ᠶᠢᠨ ᠶᠡᠷᠦᠩᠬᠡᠶ ᠣᠷᠣᠯᠭ᠎ᠠ ᠨᠢ 7 ᠲᠦᠮᠡᠨ ᠲᠥᠭᠦᠷᠢᠭ ᠲᠤ ᠬᠦᠷᠴᠦ ᠪᠣᠯᠤᠨ᠎ᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠤᠷᠢᠳᠠᠪᠠᠷ ᠬᠥᠭᠵᠢᠭᠦᠯᠦᠨ᠎ᠡ᠃ ᠣᠶᠢᠷ᠎ᠠ ᠶᠢᠨ ᠵᠢᠯ ᠠᠴᠠ᠂ ᠮᠠᠶᠢᠬᠠᠨᠲᠤ ᠪᠠᠯᠭᠠᠰᠤ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠬᠦᠯᠡᠮᠵᠢ ᠶᠢᠨ ᠲᠠᠷᠢᠮᠠᠯ ᠢᠶᠠᠷ ᠭᠤᠣᠯ ᠪᠣᠯᠭᠠᠭᠰᠠᠨ ᠤᠨᠴᠠᠯᠢᠬᠳᠤ ᠥᠨᠳᠥᠷ ᠪᠦᠲᠦᠮᠵᠢᠲᠡᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠬᠠᠮᠲᠤ᠂ ᠰᠤᠯᠠ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠵᠠᠮ ᠢ ᠤᠯᠠᠮ ᠨᠢᠭᠡ ᠠᠯᠬᠤᠮ ᠥᠷᠭᠡᠳᠬᠡᠪᠡ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2