ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠯᠢᠶᠠᠩᠴᠧᠩ ᠳᠠᠬᠢ ᠰᠠᠯᠪᠤᠷᠢ ᠪᠠᠩᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/13
  ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠦᠢᠯᠡᠴᠢᠯᠡᠭᠡ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠯᠠᠪᠳᠠᠭᠤᠨ ᠪᠠᠲᠤᠲᠠᠢ ᠦᠢᠯᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠬᠢᠭᠡᠳ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠦᠵᠡᠭᠳᠡᠯ ᠳᠤ ᠲᠥᠬᠦᠮ ᠦᠵᠡᠭᠦᠯᠬᠦ᠂ ᠲᠣᠭᠠᠴᠢᠯᠠᠯᠲᠠ ᠪᠠᠷ ᠲᠠᠷᠢᠶᠠᠯᠠᠩ ᠢ ᠬᠥᠭᠵᠢᠭᠦᠯᠬᠦ᠂ ᠮᠥᠩᠭᠦᠨ ᠭᠦᠢᠯᠭᠡᠭᠡᠨ ᠢᠶᠠᠷ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠣᠯᠠᠨ ᠲᠠᠯ᠎ᠠ ᠠᠴᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠪᠠ᠃ ᠣᠶᠢᠷ᠎ᠠ ᠳᠤ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠯᠢᠶᠠᠩᠴᠧᠩ ᠳᠠᠬᠢ ᠰᠠᠯᠪᠤᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠯᠢᠶᠠᠩᠴᠧᠩ ᠳᠠᠬᠢ ᠬᠤᠪᠢᠶᠠᠷᠢ ᠪᠠᠩᠬᠢ ᠶᠢᠨ ᠬᠠᠷᠢᠭᠤᠴᠠᠯᠭᠠᠲᠠᠨ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃    ᠣᠶᠢᠯᠠᠭᠠᠭᠰᠠᠨ ᠢᠶᠠᠷ᠂ ᠬᠤᠷᠰᠢᠭᠰᠠᠨ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ  ᠤᠶᠢᠯᠡᠴᠢᠯᠡᠬᠦ᠂ ᠲᠠᠷᠢᠶᠠᠯᠠᠩ ᠤᠨ ᠠᠵᠤ  ᠤᠶᠢᠯᠡᠰ ᠤᠨ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠲᠣᠭᠠᠴᠢᠯᠠᠭᠰᠠᠨ ᠲᠠᠪᠴᠠᠩ ᠢᠶᠠᠷ ᠬᠤᠯᠪᠣᠭᠠᠰᠤ ᠪᠣᠯᠭᠠᠵᠤ᠂ ᠲᠣᠭᠠᠴᠢᠯᠠᠭᠰᠠᠨ ᠲᠠᠪᠴᠠᠩ ᠢᠶᠠᠷ ᠭᠠᠷᠳᠠᠴᠠ ᠪᠣᠯᠭᠠᠵᠤ᠂ ︽ᠲᠠᠷᠢᠶᠠᠯᠠᠩ ᠢ ᠬᠥᠭᠵᠢᠭᠦᠯᠵᠦ ᠨᠡᠪᠲᠡᠷᠡᠭᠦᠯᠬᠦ︾ ᠬᠥᠳᠡᠭᠡ ᠲᠣᠰᠬᠤᠨ ᠤ ᠮᠥᠩᠭᠦᠨ  ᠭᠦᠢᠯᠭᠡᠭᠡᠨ ᠤ  ᠤᠶᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠳᠠᠮᠵᠢᠭᠤᠯᠤᠨ᠂ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠬᠠᠮᠲᠤᠷᠠᠨ ᠰᠦᠯᠵᠢᠶᠡᠨ ᠳᠡᠭᠡᠷᠡᠬᠢ ︽ᠲᠣᠭᠠᠴᠢᠯᠠᠭᠰᠠᠨ ᠬᠠᠩᠭᠠᠨ ᠪᠣᠷᠣᠯᠠᠭᠤᠯᠬᠤ︾ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠠᠪᠴᠠᠩ ᠪᠠ ᠰᠦᠯᠵᠢᠶᠡᠨ ᠭᠠᠳᠠᠨᠠᠬᠢ ᠤᠶᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ  ᠤᠶᠢᠯᠡᠴᠢᠯᠡᠭᠡ᠂ ᠬᠥᠲᠥᠴᠢ ᠠᠵᠤ ᠠᠬᠤᠶᠢᠯᠠᠯ ᠤᠨ ᠬᠥᠭᠵᠢᠯᠲᠡ᠂ ᠣᠶᠤᠨᠴᠢ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠪᠥᠲᠥᠭᠡᠨ ᠪᠠᠶᠢᠭᠤᠯᠤᠯᠲᠠ ᠵᠢᠴᠢ ᠰᠠᠭᠤᠷᠢ ᠮᠥᠩᠭᠦᠨ‌‍ᠭᠦ᠋ᠢᠯᠭᠡᠭᠡᠨ ᠤ  ᠤᠶᠢᠯᠡᠴᠢᠯᠡᠭᠡ ᠵᠡᠷᠭᠡ ᠲᠠᠯ᠎ᠠ ᠪᠠᠷ ᠬᠠᠮ ᠬᠠᠮᠲᠤᠷᠠᠯᠴᠠᠭ᠎ᠠ ᠥᠷᠨᠢᠭᠦᠯᠵᠦ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠤᠶᠢᠯᠡᠴᠢᠯᠡᠭᠡᠨ ᠤ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠵᠦ᠂ ᠬᠥᠳᠡᠭᠡ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠥᠷᠭᠡᠨ ᠣᠯᠠᠨ ᠲᠠᠷᠢᠶᠠᠴᠢᠳ ᠲᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠠᠰᠢᠭ ᠲᠤᠰᠠ ᠶᠢ ᠡᠳ᠋ᠯᠡᠭᠦᠯᠦᠨ᠎ᠡ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2