ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ ᠰᠠᠶᠢᠨ ᠨᠠᠮ ᠤᠨ ᠡᠭᠦᠷ ᠤᠨ ᠱᠦᠵᠢ᠄  ᠱᠢ ᠪᠠᠢ ᠶᠢᠨ
ᠨᠡᠶᠢᠲᠡᠯᠡᠭᠰᠡᠨ ᠴᠠᠭ᠄
2023/12/13
  ᠪᠦᠬᠦ ᠬᠤᠳᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠭᠦᠷᠭᠡᠯᠡᠬᠦ ᠰᠠᠶᠢᠨ ᠨᠠᠮ ᠤᠨ ᠡᠭᠦᠷ ᠤᠨ ᠱᠦᠵᠢ - ᠬᠤᠩ ᠮᠤᠤ ᠪᠠᠯᠭᠠᠰᠤ ᠶᠢᠨ ᠪᠠᠢ ᠭᠧᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠱᠢ ᠪᠠᠢ ᠶᠢᠨ᠂ ᠨᠠᠷᠢᠨ ᠬᠢᠨᠠᠮᠠᠭᠠᠢ ᠠᠵᠢᠯ ᠤᠨ ᠰᠤᠷᠲᠠᠯ᠂ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠᠷ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠵᠦ᠂ ᠦᠨᠡᠨ ᠰᠡᠳᠬᠢᠯ ᠠᠴᠠ ᠪᠠᠨ ᠲᠣᠰᠬᠤᠨ ᠤ ᠠᠷᠠᠳ ᠢ ᠢᠲᠡᠭᠡᠵᠦ᠂ ᠲᠣᠰᠬᠤᠨ ᠤ ᠠᠷᠠᠳ ᠢ ᠳᠣᠭᠳᠣᠯᠤᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠠᠢ᠃
      ᠦᠨᠳᠦᠰᠦᠨ ᠱᠠᠲᠤᠨ ᠳᠤ ᠵᠢᠷᠭᠤᠭᠠᠨ ᠵᠢᠯ ᠠᠵᠢᠯᠯᠠᠭᠰᠠᠨ ᠵᠠᠯᠠᠭᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠱᠢ ᠪᠠᠢ ᠶᠢᠨ ᠲᠡᠭᠦᠨ ᠤ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠨ ᠬᠥᠳᠡᠭᠡ ᠲᠣᠰᠬᠤᠨ ᠳᠤ ᠵᠣᠷᠢᠭᠤᠯᠪᠠ᠃ ᠲᠣᠰᠬᠤᠨ ᠤ ᠡᠳᠦᠷ ᠲᠤᠲᠤᠮ ᠤᠨ ᠠᠵᠢᠯ ᠨᠡᠯᠢᠶᠡᠳ ᠣᠯᠠᠨ᠂ ᠨᠡᠯᠢᠶᠡᠳ ᠬᠤᠯᠢᠯᠳᠤᠨ ᠪᠣᠯᠪᠠ᠂ ᠪᠠᠶ ᠭᠧᠨ ᠲᠣᠰᠬᠤᠨ ᠤ ᠬᠡᠰᠡᠭ ᠲᠣᠰᠬᠤᠨ ᠤ ᠠᠷᠠᠳ ᠣᠨᠳᠣᠤ ᠭᠠᠵᠠᠷ ᠲᠤ ᠨᠡᠭᠦᠪᠡ᠂ ᠲᠡᠷᠡ ᠪᠡᠶ᠎ᠡ ᠪᠠᠷ ᠢᠶᠠᠨ ᠲᠦᠷᠦᠭᠦᠯᠡᠨ ᠲᠣᠰᠬᠤᠨ ᠤ ᠡᠳᠦᠷ ᠲᠤᠲᠤᠮ ᠤᠨ ᠬᠡᠷᠡᠭ ᠶᠠᠪᠤᠳᠠᠯ ᠢ ᠰᠠᠶᠢᠲᠤᠷ ᠰᠢᠢᠳᠪᠦᠷᠢᠯᠡᠬᠦ ᠪᠠᠷ ᠪᠠᠷᠠᠬᠤ ᠥᠬᠡᠶ᠂ ᠪᠠᠰᠠ ᠠᠷᠠᠳ ᠢ ᠨᠡᠭᠦᠯᠭᠡᠭᠰᠡᠨ ᠤ ᠳᠠᠷᠠᠭᠠᠬᠢ ᠲᠣᠰᠬᠤᠨ ᠤ ᠠᠷᠠᠳ ᠤᠨ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ ᠲᠡᠷᠡ ᠦᠷᠭᠦᠯᠵᠢ ᠲᠣᠰᠬᠤᠨ ᠳᠤ ᠣᠷᠣᠵᠤ᠂ ᠡᠷᠦᠭᠡ ᠳᠤ ᠣᠷᠣᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠨᠡᠭᠦᠳᠡᠯ ᠠᠷᠠᠳ ᠤᠨ ᠳᠠᠷᠠᠭᠠᠬᠢ ᠠᠵᠢᠯ ᠣᠯᠭᠤᠯᠲᠠ᠂ ᠠᠮᠢᠳᠤᠷᠠᠯ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠰᠤᠳᠠᠯ ᠪᠠᠷᠢᠵᠤ ᠣᠨᠣᠰᠢᠯᠠᠵᠤ᠂ ᠡᠪᠡᠳᠴᠢᠨ ᠳᠤᠨᠢ ᠲᠣᠬᠢᠷᠠᠭᠤᠯᠤᠨ ᠡᠮ ᠥᠭᠬᠦ ᠬᠡᠷᠡᠭᠲᠡᠢ᠃ ᠡᠨᠡ ᠵᠢᠯ 73 ᠨᠠᠰᠤᠲᠠᠶ ᠪᠠᠶ ᠭᠧᠨ ᠲᠣᠰᠬᠤᠨ ᠤ ᠠᠷᠠᠳ ᠭᠤᠤ ᠮᠠᠨ ᠶᠤᠸᠠᠨ᠂ ᠲᠡᠷᠡ ᠤᠤᠯ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠡᠷᠦᠬᠡ᠂ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ᠡᠳᠦᠷ ᠪᠦᠷᠢ ᠨᠡᠯᠢᠶᠡᠳ ᠵᠦᠭᠡᠷ ᠪᠠᠶᠢᠭᠰᠠᠨ ᠪᠣᠯᠪᠠᠴᠤ ᠲᠡᠷᠡ ᠡᠬᠡᠨᠡᠷ ᠲᠠᠢ ᠪᠠᠨ ᠡᠪᠡᠳᠴᠢᠨ ᠡᠮᠭᠡᠭ ᠲᠠᠢ ᠪᠠᠶᠢᠬᠤ ᠶᠢ ᠣᠶᠢᠯᠠᠭᠠᠭᠰᠠᠨ ᠤ ᠳᠠᠷᠠᠭ᠎ᠠ ᠪᠦᠷ ᠭᠠᠳᠠᠨ᠎ᠠ ᠣᠷᠣᠨ ᠳᠤ ᠪᠠᠶᠢᠨ᠎ᠠ᠂ ᠥᠪᠡᠷ ᠢᠶᠠᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠶᠠᠪᠤᠴᠠ ᠶᠢ ᠲᠣᠳᠣᠷᠬᠠᠶ ᠮᠡᠳᠡᠬᠦ ᠦᠭᠡᠢ ᠪᠠᠶᠢᠭᠰᠠᠨ ᠠᠴᠠ ᠲᠡᠷᠡ ᠰᠠᠨᠠᠭᠠᠴᠢᠯᠠᠭ᠎ᠠ ᠠᠴᠠ ᠪᠠᠨ ᠨᠠᠰᠤᠲᠠᠨ ᠢᠶᠠᠨ ᠳᠠᠭᠠᠭᠤᠯᠤᠨ ᠬᠤᠯᠪᠣᠭᠳᠠᠯ ᠪᠦᠬᠦᠢ ᠲᠠᠩᠰᠠ ᠲᠠᠶᠢᠯᠬᠤ ᠭᠠᠷ ᠭᠦᠢᠴᠡᠳᠬᠡᠯ ᠢ ᠬᠢᠵᠦ ᠥᠭᠪᠡ︔ ᠡᠭᠦᠨ ᠤ ᠬᠠᠮᠲᠤ ᠡᠪᠡᠳᠴᠢᠨ ᠡᠮᠭᠡᠭ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭ᠎ᠠ ᠮᠥᠨ ᠯᠡ ᠨᠢᠭᠡ ᠭᠡᠷ ᠢᠶᠠᠷ ᠢᠶᠠᠨ ᠨᠡᠯᠢᠶᠡᠳ ᠬᠦᠴᠢᠷᠳᠡᠯ ᠲᠠᠢ ᠠᠮᠢᠳᠤᠷᠠᠵᠤ ᠪᠠᠶᠢᠭᠰᠠᠨ ᠪᠣᠯᠪᠠᠴᠤ ᠲᠡᠭᠦᠨ ᠤ ᠠᠮᠢᠳᠤᠷᠠᠯ ᠤᠨ ᠳᠠᠷᠤᠭᠠᠰᠤ ᠶᠢ ᠬᠥᠩᠭᠡᠷᠡᠭᠦᠯᠪᠡ᠃      ᠲᠣᠰᠬᠤᠨ ᠤ ᠠᠷᠠᠳ ᠢ ᠠᠯᠢ ᠲᠦᠷᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠭᠡᠨ ᠲᠡᠷᠭᠡᠨ ᠳᠤ ᠭᠠᠷᠭᠠᠬᠤ ᠶᠢᠨ ᠲᠥᠯᠥᠭᠡ᠂ ᠱᠢ ᠪᠠᠢ ᠶᠢᠨ ᠨᠠᠷᠢᠨ ᠬᠢᠨᠠᠮᠠᠭᠠᠢ ᠪᠣᠳᠣᠯᠬᠢᠯᠠᠵᠤ᠂ ᠢᠳᠡᠪᠬᠢᠲᠡᠢ ᠲᠥᠯᠥᠪᠵᠢᠭᠦᠯᠵᠦ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠺᠤᠸᠠᠢ ᠶᠢᠨ ᠲᠠᠪᠴᠠᠩ ᠢᠶᠠᠷ ᠳᠠᠮᠵᠢᠭᠤᠯᠤᠨ ᠪᠠᠢ ᠭᠧᠨ ᠶᠤᠤᠮᠠᠢ ᠶᠢᠨ ᠭᠤᠯᠢᠷ᠂ ᠬᠤᠨᠢᠨ ᠮᠢᠬ᠎ᠠ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠵᠦ ᠰᠢᠭᠤᠳ  ᠪᠣᠷᠣᠯᠠᠭᠤᠯᠪᠠ᠃ ᠡᠭᠦᠨ ᠤ ᠬᠠᠮᠲᠤ᠂ ᠪᠠᠶ ᠭᠧᠨ ᠱᠠᠨ ᠤ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠳᠤ ᠲᠦᠰᠢᠭᠯᠡᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠡᠯ᠎ᠡ ᠵᠦᠢᠯ ᠤᠨ ᠲᠣᠬᠢᠶᠠᠯ ᠢ ᠠᠰᠢᠭᠯᠠᠨ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠶ ᠳᠡᠯᠭᠡᠷᠡᠭᠦᠯᠵᠦ᠂ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ᠂ ᠬᠤᠩ ᠮᠤᠤ ᠪᠠᠯᠭᠠᠰᠤᠨ ᠤ ᠰᠣᠶᠣᠯ ᠤᠨ ᠥᠷᠲᠡᠭᠡ ᠲᠠᠢ ᠨᠡᠪᠲᠡᠷᠡᠯᠴᠡᠨ ᠬᠠᠮᠵᠢᠯᠴᠠᠵᠤ ᠪᠠᠶᠢᠭᠠᠳ ᠰᠦᠯᠵᠢᠶᠡᠨ ᠤ ᠣᠳᠣᠨ ᠵᠢᠭᠤᠯᠴᠢᠯᠠᠯ ᠤᠨ ᠴᠡᠭ ᠢ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠪᠠᠢ ᠭᠧᠨ ᠱᠠᠨ ᠤ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠳᠡᠯᠭᠡᠨ ᠦᠵᠡᠭᠦᠯᠵᠦ᠂ ᠬᠤᠳᠠᠯᠳᠤᠭᠠᠴᠢᠳ ᠤᠨ ᠢᠷᠡᠵᠦ ᠪᠡᠯᠡ ᠣᠷᠣᠭᠤᠯᠤᠨ ᠨᠡᠭᠡᠭᠡᠨ ᠬᠥᠭᠵᠢᠭᠦᠯᠬᠦ ᠶᠢ ᠲᠠᠳᠠᠭᠰᠠᠨ ᠪᠠᠶᠢᠨ᠎ᠠ  ᠃    ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠱᠢ ᠪᠠᠢ ᠶᠢᠨ ᠨᠤᠭᠤᠷᠠᠰᠢ ᠦᠭᠡᠢ ᠮᠥᠷᠥ ᠪᠠᠷ ᠦᠨᠳᠦᠰᠦᠨ ᠱᠠᠲᠤᠨ ᠤ ᠤᠯᠠᠨ ᠲᠦᠮᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠣᠰᠬᠤᠨ ᠤ ᠠᠷᠠᠳ ᠢ ᠳᠠᠭᠠᠭᠤᠯᠤᠨ ᠨᠡᠩ ᠰᠠᠶᠢᠨ ᠰᠠᠶᠢᠬᠠᠨ ᠠᠮᠢᠳᠤᠷᠠᠯ ᠵᠦᠭ ᠠᠯᠬᠤᠮ ᠠᠯᠬᠤᠮ ᠢᠶᠠᠷ ᠤᠷᠤᠭᠰᠢᠯᠠᠪᠠ᠃    ᠬᠤᠩ ᠮᠤᠤ ᠪᠠᠯᠭᠠᠰᠤᠨ ᠤ ᠪᠠᠶ ᠭᠧᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠱᠢ ᠪᠠᠶ ᠶᠢᠨ    ᠬᠤᠶᠢᠰᠢᠳᠠ ᠪᠢ ᠦᠷᠭᠦᠯᠵᠢᠯᠡᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠢᠯᠡᠭᠦᠬᠡᠨ ᠪᠣᠳᠠᠲᠠᠶ ᠠᠵᠢᠯ ᠬᠢᠵᠦ᠂ ᠲᠥᠪ ᠪᠠᠶᠢᠷᠢᠨ ᠳᠤ ᠲᠠᠯᠪᠢᠵᠤ᠂ ᠲᠤᠰ ᠭᠠᠴᠠᠭᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰᠬᠤᠨ ᠤ ᠠᠷᠠᠳ ᠤᠨ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠤ ᠬᠦᠴᠢᠷ ᠢ ᠪᠤᠳᠤᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠵᠦ ᠥᠭᠭᠦᠨ᠎ᠡ ᠭᠡᠪᠡ᠃                                   ᠨᠠᠶᠢᠷᠠᠭᠤᠯᠤᠭᠴᠢ᠄  ᠯᠢ ᠬᠤᠩ ᠢᠦᠢ                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2