【 ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠳᠡ】 ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠮᠦᠸᠧ ᠯᠢ ᠾᠧ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠬᠤ ᠶᠢᠨ ᠲᠥᠯᠥᠭᠡ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ 12 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠮᠦᠸᠧ ᠯᠢ ᠾᠧ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠳᠤᠷᠠᠳᠤᠭᠰᠠᠨ ᠶᠠᠪᠤᠴᠠ ᠶᠢᠨ ᠴᠢᠬᠤᠯᠠ ᠶᠡᠭᠡ ᠠᠴᠢ ᠬᠤᠯᠪᠣᠭᠳᠠᠯ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠠᠪᠤᠨ ᠰᠠᠭᠤᠷᠢ ᠶᠢ ᠪᠠᠲᠤ ᠴᠣᠭᠴᠠᠯᠠᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠪᠤᠨ ᠲᠠᠯ᠎ᠠ ᠠᠴᠠ ᠪᠣᠳᠠᠲᠤ ᠵᠢᠱᠢᠶ᠎ᠡ ᠭᠠᠷᠭᠠᠬᠤ᠂ ᠦᠯᠢᠭᠡᠷ ᠶᠠᠷᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠣᠷᠣᠯᠴᠠᠬᠤ ᠴᠢᠨᠠᠷ ᠪᠣᠯᠤᠨ ᠢᠳᠡᠪᠬᠢᠵᠢᠯ ᠢ ᠭᠦᠢᠴᠡᠳ ᠲᠠᠶᠢᠴᠢᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠲᠠᠷᠢᠬᠢᠨ ᠳᠤ ᠬᠠᠳᠠᠩᠰᠢᠭᠤᠯᠪᠠ᠃    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠶ᠃ ᠬᠤᠷᠠᠯ ᠳᠤ ᠣᠷᠣᠯᠴᠠᠭᠰᠠᠳ ᠰᠠᠨᠠᠯ ᠨᠢᠭᠡᠲᠡᠶ ᠢᠯᠡᠷᠭᠡᠶᠢᠯᠡᠭᠰᠡᠨ ᠨᠢ᠂ ᠬᠤᠶᠢᠰᠢᠳᠠ ᠶᠢᠨ ᠠᠵᠢᠯ ᠪᠠ ᠠᠮᠢᠳᠤᠷᠠᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ  ᠭᠡᠵᠠᠢ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2