ᠵᠧᠩ ᠳ᠋ᠦᠩ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠦᠯᠢᠶᠡᠨ ᠠᠪᠴᠤ ᠪᠠᠲᠤᠯᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/14
  12 ᠰᠠᠷ᠎ᠠ ᠶᠢᠨ 13 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠰᠢᠶᠠᠨ ᠤ ᠲᠠᠷᠤᠭ᠎ᠠ ᠵᠧᠩ ᠳ᠋ᠦᠩ ᠫᠢᠩ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠯᠢᠶᠡᠨ ᠠᠪᠬᠤ ᠪᠠᠳᠤᠯᠠᠭ᠎ᠠ ᠶᠢᠨ ᠠᠵᠢᠯ ᠤᠨ ᠲᠤᠰᠬᠠᠢ ᠰᠡᠳᠤᠪᠳᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠤᠮᠢᠰ ᠤᠨ 12 ᠰᠠᠷ᠎ᠠ ᠶᠢᠨ 12 ᠤᠨ ᠡᠳᠤᠷ ᠤᠨ ᠤᠯᠠᠭᠠᠨᠴᠠᠪ ᠤᠨ ᠤᠷᠤᠯᠳᠤᠭᠠᠨ ᠤ ᠲᠤᠭᠤᠷᠢᠭ ᠤᠨ ᠯᠢᠶᠠᠩᠴᠧᠩ ‍ᠤᠨ‌‍ᠴᠠᠰᠤᠨ ᠳᠤ ᠭᠤᠯᠭᠤᠬᠤ ᠲᠠᠯᠠᠪᠠᠢ ᠳᠤ ᠪᠠᠶᠢᠴᠠᠭᠠᠨ ᠰᠤᠳᠤᠯᠤᠯᠳᠠ ᠬᠢᠬᠦ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠪᠤᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠯᠢᠶᠡᠨ ᠠᠪᠬᠤ ᠪᠠᠳᠤᠯᠠᠭ᠎ᠠ ᠶᠢᠨ ᠠᠵᠢᠯ ᠤᠨ ᠲᠤᠬᠠᠢ ᠲᠠᠬᠢᠨ ᠪᠠᠶᠢᠷᠢᠯᠠᠭᠤᠯᠤᠯᠳᠠ ᠲᠠᠬᠢᠨ ᠨᠠᠶᠢᠳᠠᠪᠤᠷᠢᠵᠢᠭᠤᠯᠪᠠ᠃ ᠰᠢᠶᠠᠨ ᠤ ᠤᠳᠤᠷᠢᠳᠤᠯᠭ᠎ᠠ ᠯᠢ ᡁᠢ ᠭᠠᠩ᠂ ᠵᠢᠶᠠ ᠢᠦᠶ ᠹᠸᠢ᠂ ᠵᠧᠩ ᠶᠠᠨ ᠹᠠᠩ᠂ ᠪᠠᠶ ᠯᠢ ᠵᠢᠶᠦ᠋ᠨ ᠬᠤᠷᠠᠯ ᠳᠤ ᠣᠷᠣᠯᠴᠠᠪᠠ᠃
       ᠬᠤᠷᠠᠯ ᠠᠴᠠ᠂ ᠬᠦᠯᠢᠶᠡᠨ ᠠᠪᠬᠤ ᠭᠠᠷ ᠳᠡᠪᠲᠡᠷ ᠢᠶᠠᠨ ᠲᠦᠷᠭᠡᠬᠡᠨ ᠰᠠᠶᠢᠲᠤᠷ ᠲᠣᠭᠲᠠᠭᠠᠵᠤ᠂ ᠬᠦᠯᠢᠶᠡᠨ ᠠᠪᠬᠤ ᠪᠠ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠦᠯᠢᠶᠡᠨ ᠠᠪᠬᠤ ᠠᠵᠢᠯ ᠤᠨ ᠵᠢᠷᠤᠮᠵᠢᠯ᠂ ᠥᠨᠳᠥᠷ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠳᠠᠭᠠᠭᠠᠴᠢᠯᠠᠨ ᠬᠤᠯᠪᠣᠭᠠᠯᠠᠭᠰᠠᠨ ᠪᠠᠭᠤᠳᠠᠯ ᠤᠨ ᠨᠢᠭᠡᠴᠡ ᠨᠦᠭᠦᠳ ᠬᠠᠮᠢᠶ᠎ᠠ ᠪᠥᠬᠦᠶ ᠬᠥᠮᠦᠰ ᠬᠢᠭᠡᠳ ᠲᠠᠮᠢᠷᠴᠢᠳ ᠤᠨ ᠡᠩᠨᠡᠭᠡ ᠨᠢᠭᠡᠪᠦᠷᠢ ᠶᠢ ᠵᠣᠯᠭᠠᠭᠤᠯᠬᠤ ᠶᠢ ᠲᠣᠳᠣᠷᠬᠠᠶᠢᠯᠠᠵᠤ᠂ ᠪᠣᠳᠠᠲᠠᠶ ᠠᠵᠢᠯ ᠤᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠲᠠᠮᠢᠷᠴᠢᠳ ᠲᠤ ᠪᠦᠷᠢᠨ ᠲᠣᠲᠤᠷᠬᠠᠢ᠂ ᠨᠠᠷᠢᠨ ᠨᠢᠮᠪᠠᠶ ᠣᠷᠣᠬᠤ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠠᠭ ᠢ ᠠᠮᠵᠢᠨ ᠤᠷᠤᠯᠳᠤᠭᠠᠨ ᠳᠤ ᠣᠷᠣᠯᠴᠠᠬᠤ ᠬᠥᠮᠦᠨ ᠤ ᠲᠤᠭ᠎ᠠ ᠶᠢ ᠲᠣᠭᠲᠠᠭᠠᠵᠤ᠂ ᠢᠳᠡᠭᠡᠨ ᠤ ᠮᠠᠲ᠋ᠧᠷᠢᠶᠠᠯ ᠢ ᠵᠠᠬᠢᠶᠠᠯᠠᠨ ᠠᠪᠬᠤ ᠠᠵᠢᠯ ᠢ ᠰᠠᠶᠢᠲᠤᠷ ᠬᠢᠵᠦ᠂ ᠤᠷᠤᠯᠳᠤᠭᠠᠨ ᠤ ᠬᠤᠭᠤᠴᠠᠭᠠᠨ ᠳᠠᠬᠢ ᠲᠠᠮᠢᠷᠴᠢᠳ ᠤᠨ ᠢᠳᠡᠭᠡᠨ ᠤ ᠮᠠᠲ᠋ᠧᠷᠢᠶᠠᠯ ᠤᠨ ᠠᠮᠤᠷ ᠲᠦᠪᠰᠢᠨ ᠢᠶᠠᠷ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠡᠯ᠎ᠡ ᠠᠵᠢᠯ ᠤᠨ ᠬᠡᠯᠲᠡᠰ ᠪᠦᠬᠦ ᠲᠠᠯ᠎ᠠ ᠪᠠᠷ ᠪᠣᠳᠠᠲᠤ ᠪᠠᠶᠢᠯᠳᠤᠭᠠᠨ ᠤ ᠪᠠᠶᠢᠳᠠᠯ ᠳᠤ ᠣᠷᠣᠵᠤ᠂ ᠨᠠᠷᠢᠨ ᠵᠦᠢᠯᠡᠰ ᠢ ᠡᠮᠬᠢᠯᠡᠵᠦ᠂ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ᠂ ᠬᠦᠴᠦᠲᠡᠢ᠂ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                 ᠨᠠᠶᠢᠷᠠᠭᠤᠯᠤᠭᠴᠢ᠄  ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2