︽ᠲᠡᠷᠢᠭᠦᠨ ᠤ ᠬᠢ ᠠᠴᠠ ᠰᠤᠷᠤᠯᠴᠠᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ︾ ᠠᠳᠠᠯ  ᠤᠶᠢᠯᠡᠰ ᠴᠣᠭᠴᠠᠯᠠᠭᠰᠠᠨ ᠵᠠᠯᠠᠭᠤ  ᠯᠢᠦ ᠰᠢᠶᠤᠤ ᠳ᠋ᠦᠩ᠄ ᠬᠥᠳᠡᠭᠡ ᠠᠵᠤ ᠠᠬᠤᠢ ᠶᠢ ᠲᠤᠰᠠᠯᠠᠨ ᠪᠣᠷᠣᠯᠠᠭᠤᠯᠭ᠎ᠠ ᠶᠢ ᠥᠷᠭᠡᠳᠬᠡᠬᠦ ᠵᠠᠮ ᠢ ᠰᠢᠭᠤᠳ ᠨᠡᠪᠲᠡᠷᠡᠭᠦᠯᠦᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/19
 ︽ᠨᠠᠶᠠᠭᠠᠳ ᠣᠨ ᠳᠤ ᠲᠥᠷᠥᠭᠰᠡᠨ︾ ᠠᠳᠠᠯ  ᠤᠶᠢᠯᠡᠰ ᠴᠣᠭᠴᠠᠯᠠᠭᠰᠠᠨ ᠵᠠᠯᠠᠭᠤ ᠯᠢᠦ ᠰᠢᠶᠤᠤ ᠳ᠋ᠦᠩ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠨᠢᠭᠡ ᠭᠠᠷ ᠤᠲᠠᠰᠤ ᠪᠠᠷ ᠬᠤᠲᠠ ᠬᠥᠳᠡᠭᠡ ᠲᠠᠢ ᠬᠤᠯᠪᠣᠵᠤ᠂ ᠲᠠᠷᠢᠶᠠᠯᠠᠩ ᠤᠨ ᠪᠦᠲᠦᠭᠡᠭᠳᠡᠬᠦᠨ ᠢ ︽ᠰᠦᠯᠵᠢᠶᠡᠨ ᠤ ᠣᠬᠢ ᠰᠢᠯᠢᠳᠡᠭ ᠪᠠᠷᠠᠭ᠎ᠠ︾ ᠪᠣᠯᠭᠠᠨ ᠬᠤᠪᠢᠷᠠᠭᠤᠯᠵᠤ᠂ ᠲᠠᠰᠤᠷᠠᠯᠲᠠ ᠥᠬᠡᠶ ᠰᠤᠷᠤᠯᠴᠠᠬᠤ ᠪᠠᠷ ᠳᠠᠮᠵᠢᠭᠤᠯᠤᠨ ︽ᠡᠯᠧᠺᠲᠷᠣᠨ ᠬᠤᠳᠠᠯᠳᠤᠭᠠᠨ ᠤ ᠪᠢᠴᠢᠬᠠᠨ ᠴᠠᠭᠠᠨ︾ ᠪᠠᠶᠢᠭᠰᠠᠨ ᠠᠴᠠ ᠪᠠᠨ ︽ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ︾ ᠪᠣᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠴᠠᠩ ᠠᠴᠠ ᠬᠥᠮᠦᠨ ᠤ ᠠᠮᠢᠳᠤᠷᠠᠯ ᠤᠨ ᠭᠢᠯᠠᠯᠵᠠᠭᠰᠠᠨ ᠴᠡᠭ ᠢ ᠡᠷᠢᠵᠦ ᠣᠯᠤᠭᠰᠠᠨ ᠪᠠᠶᠢᠨ᠎ᠠ᠃ ᠥᠨᠥᠳᠦᠷ᠂ ᠪᠢᠳᠡ ᠡᠨᠡᠬᠦ ︽ᠡᠯᠧᠺᠲᠷᠣᠨ ᠬᠤᠳᠠᠯᠳᠤᠭᠠᠨ ᠤ ᠭᠠᠷᠮᠠᠭᠠᠶ ᠬᠥᠮᠦᠨ︾ ᠯᠢᠦ ᠰᠢᠶᠤᠤ ᠳ᠋ᠦᠩ ᠲᠠᠢ ᠣᠶᠢᠷᠠᠳᠴᠤ᠂ ᠲᠡᠭᠦᠨ ᠤ  ᠦᠢᠯᠡᠰ  ᠴᠣᠭᠴᠠᠯᠠᠭᠰᠠᠨ ᠥᠯᠢᠭᠡᠷ ᠢ ᠰᠣᠨᠣᠰᠴᠤ ᠦᠵᠡᠶ᠎ᠡ᠃
   ᠨᠠᠮᠤᠷ ᠤᠨ ᠬᠤᠷᠢᠶᠠᠯᠲᠠ ᠶᠢᠨ ᠳᠠᠷᠠᠭ᠎ᠠ᠂ ᠮᠠᠨ ᠤ ᠰᠢᠶᠠᠨ ᠤ ᠡᠯ᠎ᠡ ᠭᠠᠵᠠᠷ ᠤᠨ ᠬᠤᠯᠤᠤᠪᠠᠩ ᠤᠨ ᠴᠢᠨᠠᠷ ᠰᠠᠶᠢᠲᠠᠶ᠂ ᠡᠯᠪᠡᠭ ᠬᠤᠷᠢᠶᠠᠯᠲᠠ ᠣᠯᠤᠭᠰᠠᠨ ᠳᠠᠭᠠᠨ ᠪᠠᠶᠠᠷᠲᠠᠶ᠂ ᠲᠠᠷᠢᠶᠠᠴᠢᠨ ᠡᠷᠦᠬᠡ ᠶᠢ ᠲᠦᠷᠭᠡᠨ ᠬᠠᠪᠰᠤᠷᠤᠨ ᠪᠣᠷᠣᠯᠠᠭᠤᠯᠬᠤ ᠶᠢᠨ ᠲᠥᠯᠥᠭᠡ᠂ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠠᠭ ᠶᠠᠪᠤᠭᠳᠠᠵᠤ ᠪᠠᠶᠢᠨ᠎ᠠ᠃ ︽ᠭᠡᠷ ᠤᠨ ᠬᠥᠮᠦᠰ ᠡ᠂ ᠮᠢᠨᠦ ᠭᠠᠷ ᠲᠠᠬᠢ ᠰᠢᠷ᠎ᠠ ᠯᠤᠤᠪᠠᠩ ᠪᠣᠯ ᠨᠤᠲᠤᠭ ᠤᠨ ᠲᠠᠷᠢᠬᠰᠠᠨ ᠰᠢᠷ᠎ᠠ ᠯᠤᠤᠪᠠᠩ ᠪᠣᠯᠤᠨ᠎ᠠ᠂ ᠠᠳᠡ ᠠᠴᠠ ᠭᠠᠷᠳᠠᠭ ᠰᠢᠷ᠎ᠠ ᠯᠤᠤᠪᠠᠩ ᠬᠡᠦᠷᠡᠭ ᠠᠮᠲᠠᠲᠠᠢ᠂ ᠰᠢᠭᠦᠰᠦ ᠡᠯᠪᠡᠭ ᠁ ᠭᠡᠷ ᠤᠨ ᠬᠥᠮᠦᠰ ᠬᠤᠳᠠᠯᠳᠤᠨ ᠠᠪᠴᠢᠷᠠᠵᠤ ᠠᠮᠲᠠᠯᠠᠵᠤ ᠦᠵᠡᠪᠡᠯ ᠯᠠᠪᠲᠠᠢ ᠴᠢᠮᠠᠶᠢ ᠬᠥᠰᠡᠷᠳᠡᠭᠦᠯᠬᠦ ᠦᠭᠡᠢ ᠶᠤᠮ︾ ᠭᠡᠵᠦ ᠯᠢᠦ ᠰᠢᠶᠤᠤ ᠳ᠋ᠦᠩ ᠲᠡᠭᠦᠨ ᠤ ᠪᠢᠴᠢᠬᠠᠨ ᠨᠠᠶᠢᠵᠠ ᠲᠠᠢ ᠪᠠᠨ ᠨᠢᠭᠡ ᠲᠠᠯ᠎ᠠ ᠪᠠᠷ ᠲᠣᠭᠲᠠᠪᠤᠷᠢᠵᠢᠭᠤᠯᠤᠭᠴᠢ ᠪᠠᠷᠢᠵᠤ᠂ ᠨᠢᠭᠡ ᠲᠠᠯ᠎ᠠ ᠪᠠᠷ ᠦᠡᠭᠭᠡ ᠵᠢᠰᠦ ᠲᠠᠢ ᠪᠠᠷ ᠲᠠᠶᠢᠯᠪᠤᠷᠢᠯᠠᠨ ᠶᠠᠷᠢᠨ᠎ᠠ᠃ ᠣᠬᠤᠷᠬᠠᠨ ᠬᠤᠶᠠᠷ ᠴᠠᠭ ᠤᠨ ᠰᠢᠭᠤᠳ ᠨᠡᠪᠲᠡᠷᠡᠭᠦᠯᠭᠡ ᠶᠢ ᠨᠡᠶᠢᠲᠡ 2.1 ᠲᠦᠮᠡᠨ ᠬᠥᠮᠦᠨ ᠤᠳᠠᠭ᠎ᠠ ᠰᠣᠨᠢᠷᠬᠠᠵᠤ᠂ ᠲᠦᠮᠡ ᠭᠠᠷᠤᠶ ᠵᠢᠩ ᠬᠤᠯᠤᠤᠪᠠᠩ᠂ ᠪᠣᠷᠣᠯᠠᠭᠤᠯᠭ᠎ᠠ ᠶᠢᠨ ᠬᠡᠮᠵᠢᠶ᠎ᠡ 2 ᠲᠦᠮᠡᠨ ᠲᠥᠭᠦᠷᠢᠭ ᠢ ᠳᠠᠪᠠᠪᠠ᠃ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠪᠠᠷᠠᠭ᠎ᠠ ᠠᠪᠴᠤ ᠶᠠᠪᠤᠬᠤ ᠡᠨᠡ ᠬᠦ ᠰᠢᠨ᠎ᠡ ᠵᠠᠭᠪᠤᠷ ᠢᠶᠠᠷ ᠳᠠᠮᠵᠢᠭᠤᠯᠤᠨ᠂ ︽ᠤᠷᠤᠰᠬᠠᠯ ᠤᠨ ᠬᠡᠮᠵᠢᠶ᠎ᠡ︾᠎ ᠶᠢᠨ ᠠᠵᠤ ᠠᠬᠤᠶ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃
         ᠯᠢᠦ ᠰᠢᠶᠤᠤ ᠳ᠋ᠦᠩ᠂ ᠯᠢᠶᠠᠩᠴᠧᠩ ᠰᠢᠶᠠᠨ ᠤ  ᠮᠠᠶᠢᠬᠤᠳᠤ ᠶᠢᠨ ᠰᠢᠩ ᠵᠢᠷᠭᠤᠳᠤᠭᠠᠷ ᠠᠩᠬᠢ ᠶᠢᠨ ᠬᠥᠮᠦᠨ᠂ 2009 ᠣᠨ ᠳᠤ ᠾᠧᠪᠸᠢ ᠶᠢᠨ ᠵᠠᠭᠤᠴᠢᠯᠠᠭᠤᠷ ᠤᠨ ᠳᠡᠭᠡᠳᠦ ᠰᠤᠷᠭᠠᠭᠤᠯᠢ ᠠᠴᠠ ᠲᠡᠭᠦᠰᠴᠦ᠂ ᠪᠤᠭᠤᠲᠤ ᠶᠢᠨ ᠨᠢᠭᠡᠨ ᠵᠠᠭᠤᠴᠢᠯᠠᠭᠤᠷ ᠤᠨ ᠺᠣᠮᠫᠠᠨᠢ ᠳᠤ ᠤᠷᠢᠭᠳᠠᠪᠠ᠃ ᠠᠵᠢᠯ ᠤᠨ ᠳᠤᠮᠳᠠ ᠪᠠᠨ ᠲᠡᠷᠡ ᠬᠢᠴᠢᠶᠡᠨ ᠴᠢᠷᠮᠠᠶᠢᠵᠤ᠂ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠠᠵᠢᠯ ᠤᠨ ᠲᠤᠷᠰᠢᠯᠭ᠎ᠠ ᠬᠤᠷᠠᠮᠳᠤᠭᠤᠯᠤᠭᠰᠠᠨ ᠤ ᠲᠠᠷᠠᠭ᠎ᠠ᠂ ᠪᠤᠰᠤᠳ ᠤᠨ ᠨᠢᠳᠤᠨ ᠳᠠᠬᠢ ᠰᠠᠶᠢᠨ ᠠᠵᠢᠯ ᠢᠶᠠᠨ ᠡᠷᠡᠰ ᠰᠢᠭᠤᠷᠬᠠᠢ ᠪᠠᠷ ᠬᠠᠶᠠᠵᠤ᠂ 2018 ᠣᠨ ᠳᠤ᠂ ᠥᠪᠡᠷ ᠤᠨ ᠰᠦᠯᠵᠢᠶᠡᠨ ᠤ ᠺᠣᠮᠫᠠᠨᠢ ᠪᠠᠨ ᠪᠠᠶᠢᠭᠤᠯᠵᠤ᠂ ᠠᠯᠬᠤᠮ ᠠᠯᠬᠤᠮ ᠢᠶᠠᠷ ᠦᠢᠯᠡᠰ ᠪᠤᠰᠬᠠᠬᠤ ᠵᠠᠮ ᠢᠶᠠᠷ ᠵᠠᠮᠨᠠᠪᠠ᠃ ᠲᠦᠮᠡᠨ ᠬᠡᠷᠡᠭ ᠡᠬᠢᠯᠡᠬᠦ ᠳᠤ ᠬᠦᠴᠢᠷ᠂ ᠯᠢᠦ ᠰᠢᠶᠤᠤ ᠳ᠋ᠦᠩ ᠤᠨ ᠠᠳᠠᠯ  ᠤᠶᠢᠯᠡᠰ ᠴᠣᠭᠴᠠᠯᠠᠬᠤ ᠵᠠᠮ ᠲᠡᠶᠢᠮᠦ ᠰᠢᠭᠤᠳ ᠰᠢᠯᠤᠭᠤᠨ ᠪᠢᠰᠢ᠂ ᠲᠤᠬᠠᠶ ᠶᠢᠨ ᠦᠶ᠎ᠡ ᠳᠤ ᠡᠷᠬᠢᠨ ᠲᠣᠭᠤᠷᠢᠨ ᠳᠤᠨᠢ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠢ ᠡᠷᠭᠢᠯᠡᠨ ᠬᠢᠬᠦ ᠬᠥᠮᠦᠨ ᠲᠣᠩ ᠴᠥᠭᠡᠨ ᠪᠠᠶᠢᠵᠤ᠂ ᠵᠥᠪᠬᠡᠨ ᠥᠪᠡᠷ ᠢᠶᠠᠨ ᠰᠦᠯᠵᠢᠶᠡᠨ ᠳᠡᠭᠡᠷ᠎ᠡ ᠠᠴᠠ ᠰᠤᠷᠴᠤ᠂ ᠥᠪᠡᠷ ᠢᠶᠠᠨ ᠰᠦᠪᠡᠭᠴᠢᠯᠡᠨ ᠬᠢᠵᠦ ᠪᠠᠶᠢᠭᠰᠠᠨ ᠪᠣᠯᠬᠤᠷ᠂ ᠡᠬᠢᠯᠡᠩᠭᠦᠳᠡ ᠪᠠᠨ ᠵᠣᠭᠤᠰ ᠬᠤᠨᠵᠢᠭᠳᠠᠵᠠᠶ᠂ ᠭᠡᠪᠡᠴᠦ ᠲᠡᠷᠡ ᠬᠦ ᠳᠡᠶᠢᠯᠦᠭᠳᠡᠬᠦ ᠶᠢ ᠥᠯᠥ ᠬᠦᠯᠢᠶᠡᠬᠦ ᠬᠠᠲᠠᠭᠤ ᠵᠣᠷᠢᠭ ᠢᠶᠠᠷ ᠢᠶᠠᠨ ᠰᠡᠳᠬᠢᠯ ᠰᠢᠭᠤᠳᠤᠨ ᠰᠤᠷᠤᠯᠴᠠᠵᠤ ᠡᠬᠢᠯᠡᠪᠡ᠃ ᠭᠦᠢᠴᠡᠳ ᠪᠡᠯᠡᠳᠬᠡᠯ ᠲᠠᠢ ᠪᠣᠯᠤᠭᠰᠠᠨ ᠤ ᠲᠠᠷᠠᠭ᠎ᠠ᠂ 2020 ᠣᠨ ᠤ 5 ᠰᠠᠷ᠎ᠠ ᠳᠤ ᠰᠢᠭᠤᠳ ᠨᠡᠪᠲᠡᠷᠡᠭᠦᠯᠭᠡ ᠶᠢᠨ ᠠᠵᠢᠯ ᠲᠦᠷᠦᠯ ᠳᠤ ᠵᠢᠩᠬᠢᠨᠢ ᠪᠠᠷ ᠣᠷᠣᠵᠤ᠂ ᠰᠢᠭᠤᠳ ᠨᠡᠪᠲᠡᠷᠡᠭᠦᠯᠭᠡ ᠶᠢᠨ ᠠᠭᠤᠯᠭ᠎ᠠ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠵᠤ ᠂ ᠲᠡᠷᠡ ᠨᠠᠶᠢᠵᠠ ᠨᠠᠷ ᠲᠠᠢ ᠪᠠᠨ ᠦᠷᠭᠦᠯᠵᠢ ᠰᠢᠭᠤᠳ ᠨᠡᠪᠲᠡᠷᠡᠭᠦᠯᠭᠡ ᠶᠢᠨ ᠦᠷᠦᠭᠡ ᠶᠢ ᠲᠠᠷᠢᠶᠠᠨ ᠭᠠᠵᠠᠷ ᠲᠤ ᠪᠠᠶᠢᠷᠢᠯᠠᠭᠤᠯᠵᠤ᠂ ᠬᠠᠬᠢᠷ ᠬᠦᠢᠳᠡᠨ ᠠᠭᠠᠭᠢᠮ᠎ᠠ ᠬᠠᠯᠠᠭᠤᠨ ᠠᠴᠠ ᠠᠶᠤᠬᠤ ᠦᠭᠡᠢ ᠪᠠᠷ ᠲᠠᠷᠢᠶᠠᠴᠢᠳ ᠤᠨ ᠲᠠᠷᠢᠬᠰᠠᠨ ᠲᠠᠷᠢᠶᠠᠯᠠᠩ ᠤᠨ ᠪᠦᠲᠦᠭᠡᠭᠳᠡᠬᠦᠨ ᠢ ᠤᠢᠢᠷ᠎ᠠ ᠠᠴᠠ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠬᠡᠷᠡᠭᠯᠡᠭᠴᠢᠳ ᠲᠤ ᠰᠠᠨᠠᠭ᠎ᠠ ᠠᠮᠤᠷ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠢᠳᠡᠭᠦᠯᠳᠡᠭ᠃
        ᠣᠳᠣᠬᠠᠨ ᠳᠤ᠂ ᠯᠢᠦ ᠰᠢᠶᠤᠤ ᠳ᠋ᠦᠩ ᠤᠨ ᠰᠢᠭᠤᠳ ᠨᠡᠪᠲᠡᠷᠡᠭᠦᠯᠭᠡ ᠶᠢᠨ ᠪᠦᠯᠬᠦᠮ ᠤᠨ 6 ᠭᠡᠰᠢᠭᠦᠨ ᠲᠠᠢ᠂ ᠤᠷᠢᠳ ᠬᠤᠵᠢᠳ ᠨᠠᠩᠭᠤᠸᠠ᠂ ᠲᠥᠮᠥᠰᠥ᠂ ᠬᠤᠯᠤᠤᠪᠠᠩ ᠵᠡᠷᠭᠡ 50 ᠲᠣᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠵᠤ ᠥᠩᠭᠡᠷᠡᠵᠡᠶ᠂ ᠲᠡᠷᠡ ᠪᠠᠰᠠ ᠥᠪᠡᠷ ᠤᠨ ᠪᠠᠭ᠎ᠠ ᠬᠢᠷᠢ ᠪᠦᠲᠦᠮᠵᠢ ᠲᠠᠢ ᠪᠣᠯᠵᠠᠶ᠃
   ᠯᠢᠦ ᠰᠢᠶᠤᠤ ᠳ᠋ᠦᠩ      ᠪᠢᠳᠡ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠪᠠᠷᠠᠭ᠎ᠠ ᠠᠪᠴᠤ ᠶᠠᠪᠤᠬᠤ ᠬᠡᠯᠪᠡᠷᠢ ᠪᠠᠷ ᠮᠠᠨ ᠤ ᠥᠪᠥᠷ ᠮᠣᠩᠭᠤᠯ ᠤᠨ ᠯᠢᠶᠠᠩᠴᠧᠩ ᠰᠢᠶᠠᠨ ᠤ ᠵᠠᠷᠢᠮ ᠰᠠᠶᠢᠨ ᠪᠦᠲᠦᠭᠡᠭᠳᠡᠬᠦᠨ ᠢ ᠢᠯᠠᠩᠭᠤᠶ᠎ᠠ ᠮᠠᠨ ᠤ ᠰᠢᠯᠢᠳᠡᠭ ᠰᠠᠶᠢᠨ ᠲᠠᠷᠢᠶᠠᠯᠠᠩ ᠤᠨ ᠭᠠᠷᠤᠯᠲᠠ ᠪᠠᠨ ᠤᠯᠠᠨ ᠳᠤ ᠥᠭᠴᠦ᠂ ᠪᠦᠬᠦ ᠤᠯᠤᠰ ᠤᠨ ᠠᠷᠠᠳ ᠲᠦᠮᠡᠨ ᠳᠤ ᠡᠳ᠋ᠯᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠳᠠᠷᠠᠭ᠎ᠠ ᠪᠠᠷ ᠨᠢ ᠪᠢ ᠨᠡᠩ ᠤᠯᠠᠨ ᠲᠤᠬᠠᠶ ᠶᠢᠨ ᠭᠠᠵᠠᠷ ᠤᠨ ᠲᠠᠷᠢᠶᠠᠯᠠᠩ ᠤᠨ ᠭᠠᠷᠤᠯᠲᠠ ᠶᠢ ᠬᠥᠭᠵᠢᠭᠦᠯᠵᠦ᠂ ᠪᠠᠷᠠᠭ᠎ᠠ ᠠᠪᠴᠤ ᠶᠠᠪᠤᠬᠤ ᠡᠩᠨᠡᠭᠡᠨ ᠳᠤ ᠣᠷᠣᠵᠤ᠂ ᠮᠠᠨ ᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠤ ᠤᠯᠠᠮ ᠠᠴᠠ ᠪᠢ ᠵᠠᠯᠭᠠᠭᠠᠳ ᠲᠤᠰ ᠭᠠᠵᠠᠷ ᠤᠨ ᠲᠠᠷᠢᠶᠠᠯᠠᠩ ᠤᠨ ᠭᠠᠷᠤᠯᠲᠠ ᠶᠢ ᠨᠡᠩ ᠠᠷᠪᠢᠨ ᠬᠥᠭᠵᠢᠭᠦᠯᠵᠦ᠂ ᠪᠠᠷᠠᠭ᠎ᠠ ᠠᠪᠴᠤ ᠶᠠᠪᠤᠬᠤ ᠡᠩᠨᠡᠭᠡᠨ ᠳᠤ ᠣᠷᠣᠵᠤ᠂ ᠮᠠᠨ ᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2